ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠡᠷᠳᠡᠮ ᠰᠢᠨᠵᠢᠯᠡᠭᠡᠨ᠎ᠦ ᠨᠡᠢᠭᠡᠮᠯᠢᠭ 2025 ᠣᠨ᠎ᠤ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-10

       11 ᠳ᠋ᠦ᠍ᠭᠡᠷ ᠰᠠᠷ᠎ᠠ᠎ᠶᠢᠨ 28᠎ᠤ ᠡᠳᠦᠷ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ 2025 ᠣᠨ᠎ᠤ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠬᠤᠷᠠᠯ ᠪᠠᠶᠠᠨᠨᠠᠭᠤᠷ ᠬᠣᠲᠠ᠎ᠳᠤ ᠬᠤᠷᠠᠯᠳᠤᠪᠠ᠂ ᠬᠤᠷᠠᠯ᠎ᠠᠴᠠ 《 ᠤᠰᠤᠨ ᠠᠰᠢᠭ᠍ᠯᠠᠯᠲᠠ᠎ᠶᠢᠨ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠎ᠢ ᠲᠥᠪᠯᠡᠷᠡᠭᠦᠯᠦᠨ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ 》 ᠪᠡᠷ ᠭᠣᠣᠯ ᠰᠡᠳᠦᠪ ᠪᠣᠯᠭᠠᠵᠤ᠂ ᠠᠵᠢᠯ ᠲᠥᠷᠥᠯ᠎ᠦᠨ ᠬᠦᠴᠦᠨ᠎ᠢᠶᠡᠨ ᠲᠥᠪᠯᠡᠷᠡᠭᠦᠯᠦᠨ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠦᠢᠯᠡᠳᠦᠯᠭᠡ᠎ᠶᠢᠨ ᠬᠥᠭᠵᠢᠯᠲᠡ᠎ᠶᠢ ᠬᠠᠮᠲᠤ᠎ᠪᠠᠷ ᠶᠠᠷᠢᠯᠴᠠᠪᠠ᠃
       ᠬᠤᠷᠠᠯ ᠳᠡᠭᠡᠷ᠎ᠡ᠂ ᠨᠢᠭᠡ ᠵᠢᠯ᠎ᠦᠨ ᠲᠤᠷᠰᠢᠬᠢ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠠᠵᠢᠯ ᠪᠣᠯᠣᠨ ᠳᠠᠷᠠᠭᠠᠴᠢ᠎ᠶᠢᠨ ᠱᠠᠲᠤᠨ᠎ᠤ ᠭᠣᠣᠯᠳᠠᠯᠭ᠎ᠠ᠎ᠲᠠᠢ ᠡᠭᠦᠷᠭᠡ᠎ᠶᠢ ᠬᠠᠷᠢᠭᠤ ᠮᠡᠳᠡᠭᠦᠯᠵᠦ᠂ 30 ᠰᠢᠯᠢᠳᠡᠭ ᠥᠭᠦᠯᠡᠯ᠎ᠢ ᠬᠥᠬᠢᠭᠦᠯᠦᠨ ᠰᠠᠢᠰᠢᠶᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭᠠᠭᠤᠯᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠤᠰᠤᠨ᠎ᠤ ᠲᠥᠯᠦᠪᠵᠢᠭᠦᠯᠭᠡ᠎ᠶᠢᠨ ᠶᠡᠷᠦᠩᠬᠡᠢ ᠬᠦᠷᠢᠶᠡᠯᠡᠩ᠂ ᠳᠤᠮᠳᠠᠳᠤ ᠤᠯᠤᠰ᠎ᠤᠨ ᠤᠰᠤᠨ᠎ᠤ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠤᠰᠬᠠᠢ ᠮᠡᠷᠭᠡᠵᠢᠯᠲᠡᠨ ᠫᠷᠣᠹᠧᠰᠰᠣᠷ᠂ ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠂ ᠤᠯᠤᠰ᠎ᠤᠨ 《 ᠭᠣᠣᠯ ᠮᠥᠷᠡᠨ᠎ᠦ ᠪᠠᠢᠯᠳᠤᠬᠤ ᠪᠣᠳᠣᠯᠭ᠎ᠠ 》 ᠪᠣᠯᠣᠨ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠵᠡᠷᠭᠡ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠣᠭᠣᠷᠢᠨ᠎ᠳᠤ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠬᠣᠰᠢᠭᠤᠷᠠᠯ᠎ᠤᠨ ᠣᠢᠯᠠᠭᠠᠭᠳᠠᠬᠤᠨ ᠪᠣᠯᠣᠨ ᠦᠢᠯᠡᠳᠦᠯᠭᠡ᠎ᠶᠢᠨ ᠲᠤᠷᠰᠢᠯᠭ᠎ᠠ᠎ᠪᠠᠨ ᠬᠤᠪᠢᠶᠠᠯᠴᠠᠪᠠ᠃
       ᠬᠤᠷᠠᠯ᠎ᠠᠴᠠ᠂ ᠥᠷᠭᠡᠨ ᠤᠯᠠᠨ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠳ ᠤᠯᠤᠰ ᠲᠦᠷᠦ᠎ᠶᠢᠨ ᠤᠳᠤᠷᠢᠳᠤᠮᠵᠢ᠎ᠪᠠᠨ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ᠎ᠶᠢᠨ ᠴᠢᠭᠯᠡᠯ᠎ᠢ ᠲᠣᠭᠲᠠᠭᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠷᠡᠭᠴᠡᠭᠡ ᠪᠣᠯᠣᠨ ᠬᠥᠭᠵᠢᠯᠲᠡ᠎ᠶᠢ ᠤᠨᠢᠨ ᠳᠡᠭᠡᠷ᠎ᠡ ᠨᠢ ᠵᠣᠯᠭᠠᠭᠤᠯᠬᠤ᠎ᠶᠢ ᠠᠬᠢᠭᠤᠯᠬᠤ ᠬᠡᠷᠡᠭᠲᠡᠢ; ᠵᠠᠩᠭᠢᠯᠠᠭ᠎ᠠ᠎ᠶᠢᠨ ᠬᠦᠷᠢᠶᠡᠨ᠎ᠦ ᠮᠡᠷᠭᠡᠵᠢᠯ᠎ᠦᠨ ᠪᠣᠭᠣᠮᠲᠠ ᠰᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ ; ᠬᠠᠮᠵᠢᠯᠴᠠᠨ ᠰᠢᠨ᠎ᠡ᠎ᠶᠢ ᠡᠭᠦᠳᠬᠦ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠬᠡᠷᠡᠭᠯᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠲᠦᠷᠭᠡᠳᠬᠡᠬᠦ ᠬᠡᠷᠡᠭᠲᠡᠢ᠃ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠰᠢᠨᠵᠢᠯᠡᠭᠡᠨ᠎ᠦ ᠨᠡᠢᠭᠡᠮᠯᠢᠭ᠎ᠦᠨ ᠬᠢᠨ ᠡᠷᠳᠡᠮ ᠰᠢᠨᠵᠢᠯᠡᠭᠡᠨ᠎ᠢᠶᠡᠷ ᠬᠥᠲᠥᠯᠥᠨ ᠳᠠᠭᠠᠭᠤᠯᠬᠤ᠎ᠶᠢ ᠦᠷᠭᠦᠯᠵᠢᠯᠡᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠰᠤᠳᠤᠯᠭᠠᠨ᠎ᠢᠶᠠᠷ ᠭᠦᠨᠵᠡᠭᠡᠢ᠂ ᠬᠡᠷᠡᠭᠯᠡᠭᠡᠨ᠎ᠢᠶᠡᠷ ᠪᠣᠳᠠᠲᠠᠢ᠂ ᠬᠤᠪᠢᠷᠠᠭᠤᠯᠤᠯᠲᠠ᠎ᠪᠠᠷ ᠲᠦᠷᠭᠡᠨ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠥᠭᠵᠢᠯᠲᠡ᠎ᠶᠢᠨ ᠠᠮᠢ ᠠᠬᠤᠢ᠎ᠶᠢ ᠬᠦᠴᠦᠯᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭᠰᠠᠳ ᠪᠠᠰᠠ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠳᠤ ᠬᠦᠷᠴᠦ᠂ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ᠎ᠦᠨ ᠬᠡᠷᠡᠭᠯᠡᠭᠡ ᠵᠡᠷᠭᠡ ᠲᠠᠯ᠎ᠠ᠎ᠪᠠᠷ ᠲᠤᠬᠠᠢ᠎ᠶᠢᠨ ᠲᠠᠯᠠᠪᠠᠢ᠎ᠳᠤ ᠲᠣᠭᠣᠷᠢᠨ ᠦᠵᠡᠵᠦ ᠰᠣᠯᠢᠯᠴᠠᠭ᠎ᠠ ᠥᠷᠨᠢᠭᠦᠯᠵᠡᠢ᠃
       ᠲᠣᠰ ᠤᠳᠠᠭᠠᠨ᠎ᠤ ᠬᠤᠷᠠᠯ᠎ᠢ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠪᠠᠶᠠᠨᠨᠠᠭᠤᠷ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠲᠥᠪ᠎ᠡᠴᠡ ᠬᠠᠮᠵᠢᠯᠴᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠤᠰᠤᠨ ᠠᠰᠢᠭ᠍ᠯᠠᠯᠲᠠ᠎ᠶᠢᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ 35 ᠭᠡᠰᠢᠭᠦᠨ ᠨᠢᠭᠡᠴᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠵᠢᠴᠢ ᠣᠨᠴᠠ ᠤᠷᠢᠭ᠍ᠰᠠᠨ ᠲᠤᠰᠬᠠᠢ ᠮᠡᠷᠭᠡᠵᠢᠯᠲᠡᠨ ᠬᠤᠷᠠᠯ᠎ᠳᠤ ᠣᠷᠣᠯᠴᠠᠵᠠᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            