ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠦᠨ ᠪᠡᠯᠡ ᠣᠷᠣᠭᠤᠯᠤᠯᠲᠠ᠎ᠶᠢᠨ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-12-10

      ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠨᠡᠶ᠋ᠢᠲᠡ 32.9 ᠳ᠋ᠦᠩᠰᠢᠭᠤᠷ ᠲᠥᠭᠥᠷᠢᠭ ᠣᠷᠣᠭᠤᠯᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠲᠥᠯᠦᠪᠵᠢᠭᠦᠯᠭᠡ᠎ᠶᠢᠨ ᠪᠡᠯᠡ ᠣᠷᠣᠭᠤᠯᠤᠯᠲᠠ᠎ᠶᠢᠨ ᠡᠭᠦᠷᠭᠡ᠎ᠶᠢ ᠳᠠᠪᠠᠭᠤᠯᠤᠨ ᠪᠡᠶᠡᠯᠡᠭᠦᠯᠵᠦ᠂ 344.3 ᠲᠦᠮᠡᠨ ᠮᠠᠯᠴᠢᠨ ᠲᠠᠷᠢᠶᠠᠴᠢᠨ᠎ᠤ ᠤᠰᠤ ᠬᠠᠩᠭᠠᠬᠤ ᠪᠠᠲᠤᠯᠠᠭ᠎ᠠ᠎ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃
      《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠢ 43 ᠲᠦᠮᠡ ᠪᠠᠢᠭᠤᠯᠵᠤ ᠂ ᠤᠰᠤ ᠬᠠᠩᠭᠠᠬᠤ ᠬᠥᠮᠥᠨ ᠠᠮᠠ 1022 ᠲᠦᠮᠡ᠎ᠶᠢ ᠬᠠᠮᠤᠷᠪᠠ᠃ ᠡᠭᠦᠨ᠎ᠳᠦ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 1.8 ᠲᠦᠮᠡ ᠪᠠᠢᠵᠤ ᠂ 888 ᠲᠦᠮᠡᠨ ᠬᠥᠮᠥᠨ᠎ᠢ ᠬᠠᠮᠤᠷᠴᠤ᠂ ᠲᠠᠷᠠᠬᠠᠢ ᠪᠤᠲᠠᠷᠬᠠᠢ ᠤᠰᠤ ᠬᠠᠩᠭᠠᠬᠤ ᠢᠨᠵᠧᠨᠧᠷᠢᠩ 41.2 ᠲᠦᠮᠡ ᠪᠠᠢᠵᠤ᠂ ᠣᠯᠠᠨ ᠡᠰᠢᠵᠢᠭᠰᠡᠨ ᠤᠰᠤ ᠬᠠᠩᠭᠠᠬᠤ ᠪᠠᠢᠷᠢᠰᠢᠯ᠎ᠢ ᠪᠣᠶ ᠪᠣᠯᠭᠠᠪᠠ᠃ 2024 ᠣᠨ᠎ᠤ ᠵᠢᠯ᠎ᠦᠨ ᠡᠴᠦᠰ᠎ᠲᠦ᠂ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ᠎ᠶᠢᠨ ᠨᠣᠷᠮ᠎ᠠ᠎ᠶᠢ 84.8% ᠪᠣᠯᠲᠠᠯ᠎ᠠ ᠳᠡᠭᠡᠭᠰᠢᠯᠡᠭᠦᠯᠵᠦ᠂ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ᠎ᠦᠨ ᠬᠥᠳᠡᠭᠡ ᠲᠣᠰᠬᠣᠨ᠎ᠤ ᠬᠥᠮᠥᠨ ᠠᠮᠠ᠎ᠶᠢ ᠬᠠᠮᠤᠷᠤᠭᠰᠠᠨ ᠬᠠᠷᠢᠴᠠᠯ᠎ᠢ 26.8% ᠪᠣᠯᠲᠠᠯ᠎ᠠ ᠳᠡᠭᠡᠭᠰᠢᠯᠡᠭᠦᠯᠵᠦ ᠂ ᠡᠭᠦᠷᠭᠡ᠎ᠪᠡᠨ ᠤᠷᠢᠳᠴᠢᠯᠠᠨ ᠪᠡᠶᠡᠯᠡᠭᠦᠯᠪᠡ᠃
      ᠥᠪᠥᠷ ᠮᠣᠩᠭᠣᠯ᠎ᠳᠤ ᠲᠣᠰᠬᠣᠨ᠎ᠤ ᠲᠠᠰ᠎ᠤᠨ ᠤᠰᠤ ᠬᠠᠮᠢᠶᠠᠷᠤᠭ᠍ᠴᠢ ᠪᠠᠷᠤᠭ 1.7 ᠲᠦᠮᠡᠨ ᠬᠥᠮᠥᠨ ᠲᠣᠬᠢᠷᠠᠭᠤᠯᠵᠤ᠂ ᠭᠠᠭᠴᠠ ᠲᠣᠰᠬᠣᠨ᠎ᠤ ᠤᠰᠤ ᠬᠠᠩᠭᠠᠬᠤ ᠢᠨᠵᠧᠨᠧᠷᠢᠩ᠎ᠦᠨ ᠤᠰᠤ ᠬᠠᠮᠢᠶᠠᠷᠤᠭ᠍ᠴᠢ᠎ᠶᠢ ᠴᠥᠮ ᠲᠣᠬᠢᠷᠠᠭᠤᠯᠬᠤ᠎ᠶᠢ ᠪᠡᠶᠡᠯᠡᠭᠦᠯᠪᠡ᠃ ᠡᠭᠦᠨ᠎ᠦ ᠵᠡᠷᠭᠡ᠎ᠳᠦ ᠠᠵᠢᠯᠯᠠᠭᠤᠯᠵᠤ ᠪᠠᠲᠤᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠣᠳᠣᠬᠠᠨ᠎ᠳᠤ 64 ᠬᠣᠰᠢᠭᠤ ᠰᠢᠶᠠᠨ ᠲᠣᠭᠣᠷᠢᠭ᠋᠎ᠲᠤ ᠬᠥᠳᠡᠭᠡ ᠲᠣᠰᠬᠣᠨ᠎ᠤ ᠤᠰᠤ ᠬᠠᠩᠭᠠᠬᠤ ᠰᠢᠶᠠᠨ᠎ᠤ ᠬᠡᠪᠴᠢᠶ᠎ᠡ᠎ᠶᠢ ᠨᠢᠭᠡᠳᠦᠯᠲᠡᠢ ᠬᠠᠮᠢᠶᠠᠷᠬᠤ᠎ᠶᠢ ᠦᠨᠳᠦᠰᠦᠨ᠎ᠳᠡᠭᠡᠨ ᠪᠡᠶᠡᠯᠡᠭᠦᠯᠵᠡᠢ᠃ ᠥᠪᠥᠷ ᠮᠣᠩᠭᠣᠯ 《 ᠳᠡᠭᠡᠷ᠎ᠡ᠎ᠡᠴᠡ ᠳᠣᠷᠣᠭ᠍ᠰᠢ ᠳᠠᠷᠠᠭᠠᠯᠠᠨ ᠪᠠᠢᠴᠠᠭᠠᠬᠤ + ᠳᠣᠣᠷ᠎ᠠ᠎ᠠᠴᠠ ᠳᠡᠭᠡᠭᠰᠢ ᠢᠯᠡᠴᠢᠯᠡᠨ ᠮᠡᠳᠡᠭᠦᠯᠬᠦ》 ᠳᠠᠪᠬᠤᠷ ᠬᠢᠨᠠᠯᠲᠠ ᠬᠠᠮᠢᠶᠠᠷᠤᠯᠲᠠ᠎ᠶᠢᠨ ᠰᠢᠰᠲᠧᠮᠵᠢ᠎ᠶᠢ ᠪᠠᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ ᠨᠡᠶ᠋ᠢᠲᠡ 2879 ᠤᠤᠭᠤᠬᠤ ᠤᠰᠤᠨ᠎ᠤ ᠠᠮᠤᠷ ᠲᠦᠪᠰᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠥᠭᠡᠷᠡᠴᠢᠯᠡᠵᠦ᠂ ᠤᠤᠭᠤᠬᠤ ᠤᠰᠤᠨ᠎ᠤ ᠠᠮᠤᠷ ᠲᠦᠪᠰᠢᠨ᠎ᠦ ᠠᠰᠠᠭᠤᠳᠠᠯ᠎ᠢ ᠬᠥᠳᠡᠯᠦᠩᠭᠦᠢ᠎ᠪᠡᠷ ᠴᠡᠪᠡᠷᠯᠡᠬᠦ᠎ᠶᠢ ᠪᠡᠶᠡᠯᠡᠭᠦᠯᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            