12 ᠰᠠᠷ᠎ᠠ᠎ᠶᠢᠨ 9᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠨᠠᠮ᠎ᠤᠨ ᠰᠤᠷᠭᠠᠭᠤᠯᠢ᠎ᠶᠢᠨ ᠰᠤᠷᠤᠭ᠍ᠴᠢᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠠᠭᠤᠯᠬᠤᠶᠢᠨ ᠲᠣᠭᠣᠷᠢᠨ᠎ᠳᠤ᠂ ᠶᠠᠮᠤᠨ᠎ᠤ ᠨᠠᠮ᠎ᠤᠨ ᠰᠤᠷᠭᠠᠭᠤᠯᠢ᠎ᠶᠢᠨ 2025 ᠣᠨ᠎ᠤ ᠨᠠᠮᠤᠷ᠎ᠤᠨ ᠤᠯᠠᠷᠢᠯ᠎ᠤᠨ ᠠᠩᠭᠢ᠎ᠶᠢᠨ ᠪᠡᠭᠡᠵᠢᠩ᠎ᠦᠨ ᠰᠤᠷᠭᠠᠭᠤᠯᠢ᠎ᠶᠢᠨ ᠲᠣᠭᠣᠷᠢᠭ᠋᠂ ᠦᠬᠠᠨ᠎ᠤ ᠰᠤᠷᠭᠠᠭᠤᠯᠢ᠎ᠶᠢᠨ ᠲᠣᠭᠣᠷᠢᠭ᠋᠂ ᠵᠧᠩᠵᠧᠦ᠎ᠶᠢᠨ ᠰᠤᠷᠭᠠᠭᠤᠯᠢ᠎ᠶᠢᠨ ᠲᠣᠭᠣᠷᠢᠭ᠋᠎ᠤᠨ ᠰᠤᠷᠤᠭ᠍ᠴᠢᠳ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠰᠠᠨᠠᠯ ᠰᠠᠨᠠᠭᠤᠯᠭ᠎ᠠ᠎ᠶᠢ ᠰᠣᠨᠣᠰᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠯᠢᠦ ᠳ᠋ᠦᠩ ᠱᠦᠨ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ 10 ᠰᠤᠷᠤᠭ᠍ᠴᠢ᠎ᠶᠢᠨ ᠲᠥᠯᠥᠭᠡᠯᠡᠭᠴᠢ ᠶᠠᠮᠤᠨ᠎ᠤ ᠨᠠᠮ᠎ᠤᠨ ᠰᠤᠷᠭᠠᠭᠤᠯᠢ᠎ᠳᠤ ᠰᠤᠷᠤᠯᠴᠠᠭᠰᠠᠨ ᠣᠯᠣᠯᠲᠠ᠎ᠪᠠᠨ ᠬᠠᠷᠢᠭᠤ ᠮᠡᠳᠡᠭᠦᠯᠵᠦ᠂ ᠡᠭᠦᠨ᠎ᠦ ᠬᠠᠮᠲᠤ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠠᠮᠤᠷ ᠲᠦᠪᠰᠢᠨ᠎ᠦ ᠤᠶᠠᠨ ᠬᠠᠳᠠᠨ ᠴᠢᠨᠠᠷ᠎ᠢ ᠴᠢᠩᠭᠠᠳᠬᠠᠬᠤ᠂ ᠣᠳᠣᠬᠢᠴᠢᠯᠠᠭᠰᠠᠨ ᠤᠰᠤᠨ ᠠᠰᠢᠭ᠍ᠯᠠᠯᠲᠠ᠎ᠶᠢᠨ ᠲᠣᠣᠷ᠎ᠢ ᠲᠦᠷᠭᠡᠪᠴᠢᠯᠡᠨ ᠪᠠᠶ᠋ᠢᠭᠤᠯᠬᠤ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ᠎ᠶᠢᠨ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ᠂ ᠪᠣᠷᠣᠭᠠᠨ᠎ᠤ ᠤᠰᠤᠨ᠎ᠤ ᠪᠠᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ 《 ᠭᠤᠷᠪᠠᠨ ᠰᠡᠷᠭᠡᠢᠯᠡᠯᠲᠡ᠎ᠶᠢᠨ ᠱᠤᠭᠤᠮ 》᠎ᠤᠨ ᠪᠦᠲᠦᠭᠡᠨ ᠪᠠᠢᠭᠤᠯᠤᠯᠲᠠ᠂ ᠭᠣᠣᠯ ᠮᠥᠷᠡᠨ ᠨᠠᠭᠤᠷ ᠴᠥᠭᠥᠷᠥᠮ᠎ᠦᠨ ᠰᠢᠰᠲᠧᠮ᠎ᠦᠨ ᠵᠠᠰᠠᠯᠲᠠ ᠪᠠ ᠠᠮᠢ ᠠᠬᠤᠢ᠎ᠶᠢᠨ ᠬᠠᠮᠠᠭᠠᠯᠠᠯᠲᠠ᠎ᠶᠢ ᠭᠦᠨᠵᠡᠭᠡᠢᠷᠡᠭᠦᠯᠬᠦ᠂ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ᠂ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠲᠣᠭᠠᠴᠢᠯᠠᠭᠰᠠᠨ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃
ᠯᠢ ᠭᠦᠸᠧ ᠶᠢᠩ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ 《 ᠬᠣᠶᠠᠷ ᠢ ᠲᠣᠭᠲᠠᠭᠠᠬᠤ 》 ᠶ᠋ᠢ ᠡᠷᠡᠰ ᠬᠦᠷᠢᠶᠡᠯᠡᠵᠦ᠂ 《 ᠬᠣᠶᠠᠷ ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠢᠯᠠᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠡᠷᠡᠰ ᠦᠢᠯᠡᠳᠦᠯᠭᠡᠵᠢᠭᠦᠯᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠬᠠᠷᠠᠯᠲᠠ᠎ᠶᠢ ᠪᠠᠲᠤᠯᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ ᠠᠰᠢᠭ᠍ᠯᠠᠯᠲᠠ᠎ᠶᠢᠨ ᠴᠢᠬᠤᠯᠠ ᠶᠡᠬᠡ ᠲᠦᠷᠦ᠎ᠶᠢᠨ ᠪᠣᠳᠣᠯᠭ᠎ᠠ᠂ ᠴᠢᠬᠤᠯᠠ ᠶᠡᠬᠡ ᠥᠭᠡᠷᠡᠴᠢᠯᠡᠯᠲᠡ᠂ ᠴᠢᠬᠤᠯᠠ ᠶᠡᠬᠡ ᠲᠦᠷᠦᠯ ᠵᠦᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠡᠯ᠎ᠡ ᠲᠠᠯ᠎ᠠ᠎ᠶᠢᠨ ᠠᠵᠢᠯ᠎ᠢ ᠰᠢᠰᠲᠧᠮ ᠲᠠᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ᠎ᠶᠢ ᠪᠠᠷᠢᠮᠲᠠᠯᠠᠵᠤ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠶᠢ ᠪᠠᠲᠤᠳᠬᠠᠵᠤ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠦᠢᠯᠡᠳᠦᠯᠭᠡ᠎ᠶᠢᠨ ᠳᠤᠮᠳᠠ ᠬᠦᠴᠢᠷ ᠪᠡᠷᠬᠡᠰᠢᠶᠡᠯ᠎ᠡᠴᠡ ᠠᠶᠤᠬᠤ ᠦᠭᠡᠢ ᠵᠣᠷᠢᠭ᠋ ᠰᠠᠨᠠᠭ᠎ᠠ᠎ᠶᠢ ᠳᠠᠪᠲᠠᠨ ᠪᠣᠯᠪᠠᠰᠤᠷᠠᠭᠤᠯᠵᠤ᠂ ᠪᠤᠳᠤᠯᠢᠶᠠᠨᠲᠠᠢ ᠪᠠᠢᠳᠠᠯ᠎ᠢ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭᠠᠨ᠎ᠤ ᠠᠬᠤᠢ ᠪᠠᠢᠳᠠᠯ᠎ᠢᠶᠠᠨ ᠳᠡᠭᠡᠭᠰᠢᠯᠡᠭᠦᠯᠵᠦ᠂ ᠡᠷᠡᠭᠦᠯ ᠰᠠᠷᠠᠭᠤᠯ ᠳᠤᠷ᠎ᠠ ᠰᠣᠨᠢᠷᠬᠠᠯ᠎ᠢ ᠬᠥᠮᠥᠵᠢᠭᠦᠯᠵᠦ᠂ ᠠᠮᠢᠳᠤᠷᠠᠬᠤᠢ᠎ᠶᠢᠨ ᠬᠥᠭᠡᠭᠡᠴᠡᠯᠳᠦᠯ᠎ᠢᠶᠡᠨ ᠲᠥᠪ ᠪᠣᠯᠭᠠᠵᠤ᠂ ᠴᠠᠭ ᠢᠮᠠᠭᠲᠠ ᠭᠠᠵᠠᠷ ᠪᠣᠯᠭᠠᠨ᠎ᠳᠤ ᠠᠷᠢᠭᠤᠨ ᠴᠢᠬᠡᠴᠢ᠎ᠶᠢᠨ ᠪᠣᠭᠣᠮᠲᠠ᠎ᠶᠢ ᠰᠠᠢᠲᠤᠷ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠬᠠᠲᠠᠭᠤ ᠲᠤᠯᠭᠠᠭᠤᠷᠢ᠂ ᠲᠡᠮᠦᠷ ᠮᠥᠷᠥ᠂ ᠵᠢᠩᠬᠢᠨᠢ ᠴᠢᠳᠠᠪᠤᠷᠢ᠎ᠶᠢ ᠲᠠᠰᠤᠷᠠᠯᠲᠠ ᠦᠭᠡᠢ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠭᠦᠸᠧ ᠶᠢᠩ᠂ ᠶᠠᠮᠤᠨ᠎ᠤ ᠨᠠᠮ᠎ᠤᠨ ᠰᠤᠷᠭᠠᠭᠤᠯᠢ ᠶᠡᠷᠦᠩᠬᠡᠢ ᠱᠦᠵᠢ ᠰᠢ᠎ᠶᠢᠨ ᠫᠢᠩ᠎ᠦᠨ ᠨᠠᠮ᠎ᠤᠨ ᠰᠤᠷᠭᠠᠭᠤᠯᠢ᠎ᠶᠢᠨ ᠠᠵᠢᠯ᠎ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ )᠎ᠶᠢᠨ ᠠᠵᠢᠯ᠎ᠤᠨ ᠳᠦᠷᠢᠮ 》᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠰᠤᠷᠭᠠᠭᠤᠯᠢ᠎ᠶᠢᠨ ᠣᠪᠣᠭ ᠨᠢ ᠨᠠᠮ ᠭᠡᠳᠡᠭ᠎ᠢ ᠪᠠᠷᠢᠮᠲᠠᠯᠠᠨ᠂ 《 ᠨᠠᠮ᠎ᠳᠤ ᠴᠢᠳᠠᠪᠤᠷᠢᠲᠠᠨ ᠬᠥᠮᠥᠵᠢᠭᠦᠯᠵᠦ᠂ ᠨᠠᠮ᠎ᠳᠤ ᠠᠷᠭ᠎ᠠ ᠤᠬᠠᠭᠠᠨ ᠭᠠᠷᠭᠠᠬᠤ 》 ᠨᠠᠮ᠎ᠤᠨ ᠰᠤᠷᠭᠠᠭᠤᠯᠢ᠎ᠶᠢᠨ ᠤᠭ ᠰᠠᠨᠠᠭ᠎ᠠ᠎ᠶᠢ ᠪᠠᠲᠤ ᠰᠠᠬᠢᠵᠤ᠂ ᠰᠤᠷᠭᠠᠭᠤᠯᠢ᠎ᠶᠢ ᠴᠢᠩᠭ᠎ᠠ ᠵᠠᠰᠠᠬᠤ᠂ ᠶᠠᠰᠤ ᠴᠢᠨᠠᠷ᠎ᠢᠶᠠᠷ ᠰᠤᠷᠭᠠᠭᠤᠯᠢ ᠪᠠᠶ᠋ᠢᠭᠤᠯᠬᠤ᠎ᠶᠢ ᠪᠠᠷᠢᠮᠲᠠᠯᠠᠨ᠂ ᠰᠤᠷᠤᠯᠴᠠᠬᠤ ᠰᠤᠷᠲᠠᠯ ᠰᠤᠷᠭᠠᠭᠤᠯᠢ᠎ᠶᠢᠨ ᠰᠤᠷᠲᠠᠯ᠎ᠤᠨ ᠪᠠᠢᠭᠤᠯᠤᠯᠲᠠ᠎ᠶᠢ ᠣᠷᠳᠣ᠌ ᠬᠤᠭᠤᠴᠠᠭ᠎ᠠ᠎ᠪᠠᠷ ᠰᠠᠢᠲᠤᠷ ᠠᠳᠬᠤᠵᠤ᠂ ᠤᠰᠤᠨ ᠠᠰᠢᠭ᠍ᠯᠠᠯᠲᠠ᠎ᠶᠢᠨ ᠨᠠᠮ᠎ᠤᠨ ᠭᠡᠰᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ᠎ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃