ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠢᠨᠵᠢᠶᠠᠩ᠎ᠤᠨ ᠠᠬᠠᠴᠢ ᠰᠢᠶᠠᠨ᠎ᠳᠤ 6.0 ᠲᠠᠰ᠎ᠤᠨ ᠭᠠᠵᠠᠷ ᠬᠥᠳᠡᠯᠦᠯᠲᠡ ᠡᠭᠦᠰᠴᠦ᠂ ᠤᠰᠤᠨ ᠠᠰᠢᠭ᠍ᠯᠠᠯᠲᠠ᠎ᠶᠢᠨ ᠶᠠᠮᠤᠨ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠨ ᠭᠠᠮᠰᠢᠭ᠋᠎ᠠᠴᠠ ᠠᠪᠤᠷᠠᠬᠤ ᠲᠣᠬᠢᠷᠠᠭᠤᠯᠤᠯᠲᠠ᠎ᠶᠢᠨ ᠵᠢᠯᠤᠭᠣᠳᠬᠤ ᠲᠣᠭᠲᠠᠴᠠ᠎ᠶᠢ ᠳᠠᠷᠤᠢ ᠲᠦᠷᠭᠡᠨ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-12-16

      2025 ᠣᠨ᠎ᠤ 12 ᠳ᠋ᠤᠭᠠᠷ ᠰᠠᠷ᠎ᠠ᠎ᠶᠢᠨ 4᠎ᠦ ᠡᠳᠦᠷ᠎ᠦᠨ 15 ᠴᠠᠭ 44 ᠮᠢᠨᠦ᠋ᠲ᠎ᠲᠦ ᠰᠢᠨᠵᠢᠶᠠᠩ᠎ᠤᠨ ᠺᠸᠵᠸᠤ ᠵᠢᠨ ᠠᠬᠠᠴᠢ ᠰᠢᠶᠠᠨ᠎ᠳᠤ 6.0 ᠲᠠᠰ᠎ᠤᠨ ᠭᠠᠵᠠᠷ ᠬᠥᠳᠡᠯᠦᠯᠲᠡ ᠡᠭᠦᠰᠴᠦ᠂ ᠬᠥᠳᠡᠯᠦᠯᠲᠡ᠎ᠶᠢᠨ ᠭᠣᠯᠣᠮᠲᠠ ᠨᠢ 10 ᠺᠢᠯᠣᠮᠧᠲᠷ ᠭᠦᠨ ᠪᠠᠢᠪᠠ᠃ ᠤᠰᠤᠨ ᠠᠰᠢᠭ᠍ᠯᠠᠯᠲᠠ᠎ᠶᠢᠨ ᠶᠠᠮᠤᠨ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠲᠣᠬᠢᠷᠠᠭᠤᠯᠤᠨ ᠵᠢᠯᠤᠭᠣᠳᠬᠤ ᠲᠣᠭᠲᠠᠴᠠ᠎ᠶᠢ ᠳᠠᠷᠤᠢ ᠲᠦᠷᠭᠡᠨ ᠡᠬᠢᠯᠡᠭᠦᠯᠵᠦ᠂ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠤᠨ᠂ ᠤᠰᠤᠨ ᠠᠰᠢᠭ᠍ᠯᠠᠯᠲᠠ᠎ᠶᠢᠨ ᠪᠠᠷᠢᠯᠭ᠎ᠠ ᠪᠠ ᠬᠥᠳᠡᠭᠡ ᠲᠣᠰᠬᠣᠨ᠎ᠤ ᠤᠰᠤᠨ᠎ᠤ ᠬᠠᠩᠭᠠᠯᠭ᠎ᠠ᠎ᠳᠤ ᠦᠵᠡᠭᠦᠯᠬᠦ ᠭᠠᠵᠠᠷ ᠬᠥᠳᠡᠯᠦᠯᠲᠡ᠎ᠶᠢᠨ ᠨᠥᠯᠥᠭᠡ᠎ᠶᠢ ᠵᠠᠳᠠᠯᠵᠤ᠂ ᠭᠠᠵᠠᠷ ᠬᠥᠳᠡᠯᠦᠭᠰᠡᠨ ᠣᠷᠣᠨ᠎ᠤ ᠪᠣᠷᠣᠭᠠᠨ ᠤᠰᠤᠨ᠎ᠤ ᠪᠠᠢᠳᠠᠯ᠎ᠢ ᠰᠤᠳᠤᠯᠤᠨ ᠮᠠᠭᠠᠳᠯᠠᠵᠤ᠂ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃
      ᠤᠰᠤᠨ ᠠᠰᠢᠭ᠍ᠯᠠᠯᠲᠠ᠎ᠶᠢᠨ ᠶᠠᠮᠤᠨ ᠪᠦᠬᠦ ᠤᠯᠤᠰ᠎ᠤᠨ 《 ᠤᠰᠤᠨ ᠠᠰᠢᠭ᠍ᠯᠠᠯᠲᠠ᠎ᠶᠢᠨ ᠨᠢᠭᠡ ᠬᠠᠭᠤᠳᠠᠰᠤ ᠵᠢᠷᠤᠭ 》᠎ᠢ ᠦᠨᠳᠦᠰᠦᠯᠡᠨ ᠵᠠᠳᠠᠯᠤᠯᠲᠠ ᠬᠢᠵᠦ᠂ ᠭᠠᠵᠠᠷ ᠬᠥᠳᠡᠯᠦᠭᠰᠡᠨ ᠣᠷᠣᠨ᠎ᠤ ᠭᠣᠣᠯ ᠮᠥᠷᠡᠨ ᠵᠢᠴᠢ ᠤᠰᠤᠨ ᠴᠥᠭᠥᠷᠥᠮ᠂ ᠤᠰᠤᠨ ᠴᠠᠬᠢᠯᠭᠠᠨ᠎ᠤ ᠦᠷᠳᠡᠭᠡ᠂ ᠬᠠᠰᠢᠯᠭ᠎ᠠ᠂ ᠤᠰᠤᠨ ᠬᠠᠭᠠᠯᠲᠠ᠂ ᠬᠥᠳᠡᠭᠡ ᠲᠣᠰᠬᠣᠨ᠎ᠤ ᠤᠰᠤ ᠬᠠᠩᠭᠠᠬᠤ ᠪᠠᠷᠢᠯᠭ᠎ᠠ᠂ ᠤᠰᠤᠨ ᠰᠢᠨᠵᠢᠯᠡᠭᠡᠨ᠎ᠦ ᠬᠡᠮᠵᠢᠯᠲᠡ᠎ᠶᠢᠨ ᠦᠷᠳᠡᠭᠡ ᠵᠡᠷᠭᠡ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠲᠠᠷᠬᠠᠯᠲᠠ᠎ᠶᠢᠨ ᠪᠠᠢᠳᠠᠯ᠎ᠢ ᠳᠠᠷᠤᠢ ᠲᠦᠷᠭᠡᠨ ᠵᠢᠭ᠍ᠰᠠᠭᠠᠨ ᠪᠠᠢᠴᠠᠭᠠᠬᠤ᠎ᠶᠢᠨ ᠬᠠᠮᠲᠤ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠤᠰᠤᠨ ᠠᠰᠢᠭ᠍ᠯᠠᠯᠲᠠ᠎ᠶᠢᠨ ᠲᠣᠪᠴᠢᠶ᠎ᠠ᠎ᠳᠤ ᠴᠠᠭ ᠲᠤᠬᠠᠢ ᠳ᠋ᠤᠨᠢ ᠮᠡᠳᠡᠭᠳᠡᠵᠦ᠂ ᠣᠷᠣᠨ ᠨᠤᠲᠤᠭ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠭᠠᠵᠠᠷ ᠬᠥᠳᠡᠯᠦᠯᠲᠡ᠎ᠶᠢᠨ ᠬᠣᠬᠢᠷᠠᠯ᠎ᠤᠨ ᠪᠠᠢᠳᠠᠯ᠎ᠢ ᠪᠦᠬᠦ ᠲᠠᠯ᠎ᠠ᠎ᠪᠠᠷ ᠬᠠᠢᠨ ᠪᠠᠢᠴᠠᠭᠠᠬᠤ᠎ᠶᠢᠨ ᠬᠠᠮᠲᠤ ᠴᠠᠭ ᠲᠤᠬᠠᠢ ᠳ᠋ᠤᠨᠢ ᠰᠢᠢᠳᠪᠦᠷᠢᠯᠡᠬᠦ᠎ᠶᠢ ᠱᠠᠯᠠᠪᠳᠠᠭᠤᠯᠪᠠ᠃
      ᠤᠷᠢᠳᠴᠢᠯᠠᠭᠰᠠᠨ ᠮᠡᠳᠡᠭᠡ᠎ᠶᠢ ᠦᠨᠳᠦᠰᠦᠯᠡᠪᠡᠯ᠂ ᠭᠠᠵᠠᠷ ᠬᠥᠳᠡᠯᠦᠭᠰᠡᠨ ᠣᠷᠣᠨ ᠥᠨᠥᠳᠥᠷ ᠪᠠ ᠢᠷᠡᠭᠡᠳᠦᠢ᠎ᠶᠢᠨ 3 ᠡᠳᠦᠷ᠎ᠲᠦ ᠪᠣᠷᠣᠭᠠᠨ ᠣᠷᠣᠭᠰᠠᠨ ᠦᠭᠡᠢ᠃ ᠤᠰᠤᠨ ᠠᠰᠢᠭ᠍ᠯᠠᠯᠲᠠ᠎ᠶᠢᠨ ᠶᠠᠮᠤᠨ ᠭᠠᠵᠠᠷ ᠬᠥᠳᠡᠯᠦᠭᠰᠡᠨ ᠣᠷᠣᠨ᠎ᠤ ᠪᠣᠷᠣᠭᠠᠨ᠎ᠤ ᠪᠠᠢᠳᠠᠯ᠂ ᠤᠰᠤᠨ᠎ᠤ ᠪᠠᠢᠳᠠᠯ ᠵᠢᠴᠢ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠵᠢᠯᠯᠠᠭᠠᠨ᠎ᠤ ᠪᠠᠢᠳᠠᠯ᠎ᠢ ᠦᠷᠭᠦᠯᠵᠢᠯᠡᠨ ᠨᠢᠭ᠍ᠲᠠ ᠠᠩᠬᠠᠷᠴᠤ᠂ ᠣᠷᠣᠨ ᠨᠤᠲᠤᠭ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠢ ᠵᠢᠯᠣᠭᠣᠳᠤᠨ ᠭᠠᠵᠠᠷ ᠬᠥᠳᠡᠯᠦᠭᠰᠡᠨ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠭᠠᠵᠠᠷ ᠬᠥᠳᠡᠯᠦᠭᠰᠡᠨ ᠬᠣᠬᠢᠷᠠᠯ᠎ᠢ ᠵᠢᠭ᠍ᠰᠠᠭᠠᠨ ᠪᠠᠢᠴᠠᠭᠠᠬᠤ ᠪᠠ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠡᠭᠦᠰᠦᠮᠡᠯ ᠭᠠᠮᠰᠢᠭ᠋ ᠡᠭᠦᠰᠬᠦ᠎ᠶᠢ ᠴᠢᠩᠭ᠎ᠠ ᠰᠡᠷᠭᠡᠢᠯᠡᠨ᠎ᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            