11 ᠳ᠋ᠦ᠍ᠭᠡᠷ ᠰᠠᠷ᠎ᠠ᠎ᠶᠢᠨ 19᠎ᠦ ᠡᠳᠦᠷ᠂ ᠬᠠᠲᠤᠨ ᠭᠣᠣᠯ᠎ᠤᠨ ᠳᠡᠭᠡᠳᠦ ᠤᠷᠤᠰᠬᠠᠯ᠎ᠤᠨ ᠨᠢᠩᠰᠢᠶᠠ ᠥᠪᠥᠷ ᠮᠣᠩᠭᠣᠯ᠎ᠤᠨ ᠭᠣᠣᠯ᠎ᠤᠨ ᠬᠡᠰᠡᠭ᠎ᠲᠦ ᠰᠥᠩ ᠬᠠᠯᠢᠶ᠎ᠠ ᠡᠬᠢᠯᠡᠨ ᠤᠷᠤᠰᠪᠠ᠃ ᠴᠢᠩᠭ᠎ᠠ ᠬᠦᠢᠲᠡᠨ ᠠᠭᠠᠷ᠎ᠤᠨ ᠨᠥᠯᠥᠭᠡᠯᠡᠯ᠎ᠢᠶᠡᠷ᠂ 12 ᠳ᠋ᠤᠭᠠᠷ ᠰᠠᠷ᠎ᠠ᠎ᠶᠢᠨ 4᠎ᠦ ᠡᠳᠦᠷ᠎ᠦᠨ 9 ᠴᠠᠭ᠎ᠲᠤ᠂ ᠬᠠᠲᠤᠨ ᠭᠣᠣᠯ᠎ᠤᠨ ᠥᠪᠥᠷ ᠮᠣᠩᠭᠣᠯ᠎ᠤᠨ ᠭᠣᠣᠯ᠎ᠤᠨ ᠬᠡᠰᠡᠭ᠎ᠦᠨ ᠰᠠᠨ ᠴᠠ ᠺᠧᠦ᠎ᠶᠢᠨ ᠬᠡᠰᠡᠭ ( ᠪᠤᠭᠤᠲᠤ᠎ᠶᠢᠨ ᠤᠰᠤᠨ ᠰᠢᠨᠵᠢᠯᠡᠭᠡᠨ᠎ᠦ ᠥᠷᠲᠡᠭᠡ᠎ᠶᠢᠨ ᠳᠡᠭᠡᠳᠦ ᠤᠷᠤᠰᠬᠠᠯ᠎ᠤᠨ 30 ᠺᠢᠯᠣᠮᠧᠲᠷ᠎ᠦᠨ ᠭᠠᠵᠠᠷ )᠎ᠲᠤ ᠲᠣᠰ ᠵᠢᠯ᠎ᠳᠦ ᠠᠩᠬ᠎ᠠ ᠤᠳᠠᠭ᠎ᠠ ᠭᠣᠣᠯ᠎ᠢ ᠪᠢᠲᠡᠭᠦᠮᠵᠢᠯᠡᠬᠦ ᠪᠠᠢᠳᠠᠯ ᠢᠯᠡᠷᠡᠵᠦ᠂ ᠠᠩᠬ᠎ᠠ ᠤᠳᠠᠭ᠎ᠠ ᠪᠢᠲᠡᠭᠦᠮᠵᠢᠯᠡᠬᠦ ᠡᠳᠦᠷ ᠬᠤᠭᠤᠴᠠᠭ᠎ᠠ ᠨᠢ ᠡᠩ᠎ᠦᠨ ᠵᠢᠯ᠎ᠦᠨ ᠬᠢ᠎ᠡᠴᠡ ᠨᠢᠭᠡ ᠡᠳᠦᠷ ᠣᠷᠣᠶ᠋ᠢᠲᠠᠵᠤ᠂ ᠪᠢᠲᠡᠭᠦᠮᠵᠢᠯᠡᠬᠦ ᠤᠷᠤᠰᠬᠠᠯ᠎ᠤᠨ ᠬᠡᠮᠵᠢᠶ᠎ᠡ ᠨᠢ ᠰᠧᠺᠦ᠋ᠨ᠋ᠳ᠋ ᠪᠦᠷᠢ 716 ᠪᠣᠰᠣᠭ᠎ᠠ ᠳᠥᠷᠪᠡᠯᠵᠢᠨ ᠮᠧᠲᠷ ᠪᠠᠢᠵᠤ᠂ ᠲᠣᠰ ᠵᠢᠯ᠎ᠦᠨ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠲᠣᠬᠢᠷᠠᠭᠤᠯᠤᠯᠲᠠ᠎ᠶᠢᠨ ᠲᠥᠰᠥᠯ᠎ᠳᠦ ᠲᠣᠭᠲᠠᠭᠠᠭᠰᠠᠨ ᠰᠧᠺᠦ᠋ᠨ᠋ᠳ᠋ ᠪᠦᠷᠢ 700 ᠪᠣᠰᠣᠭ᠎ᠠ ᠳᠥᠷᠪᠡᠯᠵᠢᠨ ᠮᠧᠲᠷ ᠭᠣᠣᠯ᠎ᠤᠨ ᠤᠷᠤᠰᠬᠠᠯ᠎ᠤᠨ ᠬᠡᠮᠵᠢᠶ᠎ᠡ᠎ᠲᠠᠢ ᠣᠶ᠋ᠢᠷᠠᠳᠴᠤ᠂ ᠲᠥᠯᠥᠪᠯᠡᠭᠡ ᠶᠣᠰᠣᠭᠠᠷ ᠭᠣᠣᠯ᠎ᠢ ᠪᠢᠲᠡᠭᠦᠮᠵᠢᠯᠡᠬᠦ᠎ᠶᠢ ᠪᠡᠶᠡᠯᠡᠭᠦᠯᠪᠡ᠃ ᠣᠳᠣᠬᠠᠨ᠎ᠳᠤ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠰᠦᠩ ᠬᠠᠯᠢᠶ᠎ᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠨ᠎ᠠ᠃
ᠤᠯᠤᠰ᠎ᠤᠨ ᠦᠶᠡᠷ᠎ᠢ ᠰᠡᠷᠭᠡᠢᠯᠡᠵᠦ ᠭᠠᠩ᠎ᠢ ᠰᠡᠷᠭᠡᠢᠯᠡᠬᠦ ᠶᠡᠷᠦᠩᠬᠡᠢ ᠵᠢᠯᠤᠭᠣᠳᠬᠤ ᠭᠠᠵᠠᠷ᠎ᠤᠨ ᠳᠡᠳ᠋ ᠶᠡᠷᠦᠩᠬᠡᠢ ᠵᠢᠯᠣᠭᠣᠳᠤᠭ᠍ᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠢᠳ ᠯᠢ ᠭᠦᠸᠧ ᠶᠢᠩ ᠡᠯ᠎ᠡ ᠵᠦᠢᠯ᠎ᠦᠨ ᠰᠡᠷᠭᠡᠢᠯᠡᠯᠲᠡ᠎ᠶᠢᠨ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠬᠠᠳᠤᠨ ᠭᠣᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ ᠪᠣᠯᠣᠨ ᠥᠪᠥᠷ ᠮᠣᠩᠭᠣᠯ᠂ ᠨᠢᠩᠰᠢᠶᠠ ᠵᠡᠷᠭᠡ ᠮᠤᠵᠢ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠢ ᠱᠠᠯᠠᠪᠳᠠᠭᠤᠯᠤᠨ ᠵᠢᠯᠤᠭᠣᠳᠴᠤ ᠪᠠᠢᠭᠠᠳ ᠭᠣᠣᠯ᠎ᠢ ᠪᠢᠲᠡᠭᠦᠮᠵᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠤ ᠠᠵᠢᠯ᠎ᠤᠨ ᠲᠣᠭᠲᠠᠴᠠ᠎ᠶᠢ ᠦᠳᠲᠡᠷ ᠲᠦᠷᠭᠡᠨ ᠡᠬᠢᠯᠡᠭᠦᠯᠵᠦ᠂ ᠰᠦᠩ ᠬᠠᠯᠢᠶ᠎ᠠ᠎ᠶᠢ ᠰᠡᠷᠭᠡᠢᠯᠡᠬᠦ ᠡᠯ᠎ᠡ ᠵᠦᠢᠯ᠎ᠦᠨ ᠨᠠᠷᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ᠎ᠠ᠃ ᠨᠢᠭᠡ᠎ᠳᠦ ᠂ ᠠᠭᠠᠷ᠎ᠤᠨ ᠳᠤᠯᠠᠭᠠᠨ᠂ ᠤᠰᠤᠨ᠎ᠤ ᠳᠤᠯᠠᠭᠠᠨ᠂ ᠰᠥᠩ ᠬᠠᠯᠢᠶ᠎ᠠ᠎ᠶᠢᠨ ᠨᠢᠭ᠍ᠲᠠᠴᠠ᠂ ᠭᠣᠣᠯ ᠪᠢᠲᠡᠭᠦᠮᠵᠢᠯᠡᠭᠰᠡᠨ ᠣᠷᠳᠣ᠌᠎ᠶᠢᠨ ᠬᠡᠮᠵᠢᠶ᠎ᠡ ᠵᠡᠷᠭᠡ ᠮᠡᠳᠡᠭᠡ ᠵᠠᠩᠭᠢ᠎ᠶᠢ ᠡᠳᠦᠷ ᠳᠠᠷᠠᠭᠠᠯᠠᠨ ᠬᠢᠨᠠᠨ ᠬᠡᠮᠵᠢᠵᠦ᠂ ᠰᠥᠩ ᠬᠠᠯᠢᠶ᠎ᠠ᠎ᠶᠢᠨ ᠪᠠᠢᠳᠠᠯ᠎ᠢ ᠮᠥᠷᠳᠡᠨ ᠵᠠᠳᠠᠯᠵᠤ ᠰᠤᠳᠤᠯᠤᠨ ᠮᠠᠭᠠᠳᠯᠠᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠠᠭ ᠲᠤᠬᠠᠢ ᠳ᠋ᠤᠨᠢ ᠨᠡᠢᠲᠡᠯᠡᠨ᠎ᠡ ; ᠬᠣᠶᠠᠷ᠎ᠲᠤ᠂ ᠯᠢᠦ ᠵᠢᠶᠠ ᠰᠢᠶᠠ᠂ ᠬᠠᠢᠷᠤᠪ᠎ᠤᠨ ᠲᠣᠬᠣᠢ᠂ ᠸᠠᠨ ᠵᠢᠶᠠ ᠵᠠᠢ᠂ ᠰᠢᠶᠣᠣ ᠯᠠᠩ ᠳᠢ ᠵᠡᠷᠭᠡ ᠭᠣᠣᠯᠯᠠᠭ᠍ᠴᠢ ᠤᠰᠤᠨ ᠴᠥᠭᠥᠷᠥᠮ᠎ᠢ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠲᠣᠬᠢᠷᠠᠭᠤᠯᠵᠤ᠂ ᠭᠣᠣᠯ᠎ᠢ ᠲᠣᠭᠲᠠᠭᠤᠨ᠎ᠢᠶᠠᠷ ᠪᠢᠲᠡᠭᠦᠮᠵᠢᠯᠡᠬᠦ᠎ᠳᠦ ᠠᠰᠢᠭ᠍ᠲᠠᠢ ᠨᠥᠬᠥᠴᠡᠯ᠎ᠢ ᠪᠦᠷᠢᠯᠳᠦᠭᠦᠯᠵᠦ ᠥᠭᠭᠦᠨ᠎ᠡ; ᠭᠤᠷᠪᠠ᠎ᠳᠤ᠂ ᠰᠦᠩ ᠬᠠᠯᠢᠶ᠎ᠠ᠎ᠶᠢ ᠰᠡᠷᠭᠡᠢᠯᠡᠬᠦ ᠪᠡᠯᠡᠳᠬᠡᠯ ᠲᠥᠰᠥᠯ ᠶᠣᠰᠣᠭᠠᠷ ᠰᠦᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠨᠥᠯᠥᠭᠡᠯᠡᠬᠦ ᠬᠥᠪᠥᠮᠡᠯ ᠬᠥᠭᠥᠷᠭᠡ᠂ ᠪᠠᠷᠢᠯᠭ᠎ᠠ᠎ᠶᠢᠨ ᠬᠠᠰᠢᠶ᠎ᠠ ᠬᠥᠭᠥᠷᠭᠡ ᠵᠡᠷᠭᠡ᠎ᠶᠢ ᠴᠠᠭ ᠲᠤᠬᠠᠢ ᠳ᠋ᠤᠨᠢ ᠡᠷᠡᠰ ᠰᠢᠭᠤᠷᠬᠠᠢ᠎ᠪᠠᠷ ᠨᠤᠷᠠᠭᠠᠵᠤ᠂ ᠰᠦᠩ ᠬᠠᠯᠢᠶ᠎ᠠ᠎ᠶᠢᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠬᠡᠷᠡᠭᠲᠡᠢ; ᠳᠥᠷᠪᠡ᠎ᠳᠦ᠂ ᠭᠣᠣᠯ᠎ᠤᠨ ᠵᠠᠮ᠎ᠤᠨ ᠬᠠᠰᠢᠯᠭ᠎ᠠ ᠳᠠᠯᠠᠩ᠎ᠢ ᠲᠣᠭᠣᠷᠢᠨ ᠪᠠᠢᠴᠠᠭᠠᠵᠤ ᠰᠠᠬᠢᠨ ᠬᠠᠮᠠᠭᠠᠯᠠᠬᠤ ᠠᠵᠢᠯ᠎ᠢ ᠨᠢᠭ᠍ᠲᠠ ᠬᠢᠵᠦ᠂ ᠠᠶᠤᠯ ᠲᠦᠭᠰᠢᠭᠦᠷᠢ᠎ᠶᠢᠨ ᠪᠠᠢᠳᠠᠯ᠎ᠢ ᠣᠯᠵᠤ ᠮᠡᠳᠡᠪᠡᠯ ᠲᠡᠷᠡ ᠳᠠᠷᠤᠢ ᠳ᠋ᠤᠨᠢ ᠵᠠᠪᠳᠤᠨ ᠬᠠᠮᠠᠭᠠᠯᠠᠵᠤ᠂ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
ᠠᠭᠠᠷ᠎ᠤᠨ ᠳᠤᠯᠠᠭᠠᠨ᠎ᠤ ᠳᠣᠷᠣᠭᠰᠢᠯᠠᠬᠤ᠎ᠶᠢ ᠳᠠᠭᠠᠯᠳᠤᠨ᠂ ᠬᠠᠲᠤᠨ ᠭᠣᠣᠯ᠎ᠤᠨ ᠪᠢᠲᠡᠭᠦᠮᠵᠢᠯᠡᠯ᠎ᠦᠨ ᠣᠷᠳᠣ᠌ ᠨᠢ ᠦᠷᠭᠦᠯᠵᠢᠯᠡᠨ ᠨᠡᠮᠡᠭᠳᠡᠬᠦ ᠪᠣᠯᠣᠨ᠎ᠠ᠃ ᠤᠰᠤᠨ ᠠᠰᠢᠭ᠍ᠯᠠᠯᠲᠠ᠎ᠶᠢᠨ ᠶᠠᠮᠤᠨ ᠬᠠᠲᠤᠨ ᠭᠣᠣᠯ᠎ᠤᠨ ᠰᠥᠩ ᠬᠠᠯᠢᠶ᠎ᠠ᠎ᠶᠢᠨ ᠪᠠᠢᠳᠠᠯ᠎ᠤᠨ ᠬᠥᠭᠵᠢᠯᠲᠡ᠎ᠶᠢᠨ ᠪᠠᠢᠳᠠᠯ᠎ᠢ ᠨᠢᠭ᠍ᠲᠠ ᠠᠩᠬᠠᠷᠴᠤ᠂ ᠭᠣᠣᠯᠯᠠᠭ᠍ᠴᠢ ᠢᠨᠵᠧᠨᠧᠷᠢᠩ᠎ᠢ ᠨᠠᠷᠢᠯᠢᠭ᠋ ᠲᠣᠬᠢᠷᠠᠭᠤᠯᠤᠨ᠂ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠂ ᠬᠠᠲᠤᠨ ᠭᠣᠣᠯ ᠳᠠᠭᠠᠤ᠎ᠶᠢᠨ ᠬᠣᠯᠪᠣᠭᠳᠠᠯ ᠪᠦᠬᠦᠢ ᠮᠤᠵᠢ ᠣᠷᠣᠨ᠎ᠢ ᠵᠢᠯᠣᠭᠣᠳᠤᠨ ᠡᠯ᠎ᠡ ᠵᠦᠢᠯ᠎ᠦᠨ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃