ᠲᠦᠷᠦᠭᠦᠬᠡᠨ᠎ᠳᠦ᠂ 《 ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠢ ᠬᠢᠨᠠᠨ ᠰᠢᠯᠭᠠᠬᠤ ᠨᠢᠭᠡ ᠶᠠᠪᠤᠳᠠᠯ 》᠎ᠤᠨ ᠵᠦᠢᠯᠡᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠦᠯᠵᠢᠶ᠎ᠡ᠎ᠳᠦ ᠵᠢᠩᠬᠢᠨᠢ᠎ᠪᠡᠷ ᠠᠵᠢᠯᠯᠠᠪᠠ᠃
ᠣᠷᠳᠣ᠌ ᠬᠤᠭᠤᠴᠠᠭᠠᠨ᠎ᠤ ᠲᠤᠷᠰᠢ᠂ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠠᠵᠤ ᠠᠬᠤᠢᠯᠠᠯ᠎ᠤᠳ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠢ ᠬᠢᠨᠠᠨ ᠰᠢᠯᠭᠠᠬᠤ ᠪᠠ ᠦᠨᠡᠮᠯᠡᠯ᠎ᠤᠨ ᠠᠵᠢᠯ᠎ᠢ ᠭᠦᠢᠴᠡᠳᠬᠡᠬᠦ ᠦᠶ᠎ᠡ᠎ᠳᠦ 《 ᠣᠯᠠᠨ ᠭᠠᠵᠠᠷ ᠭᠦᠶᠦᠬᠦ᠂ ᠳᠠᠪᠬᠤᠷᠳᠠᠭᠤᠯᠤᠨ ᠮᠡᠳᠡᠭᠦᠯᠬᠦ᠂ ᠬᠢᠨᠠᠨ ᠵᠥᠪᠰᠢᠶᠡᠷᠡᠬᠦ ᠨᠢ ᠤᠳᠠᠭᠠᠨ 》 ᠪᠠᠢᠬᠤ ᠵᠡᠷᠭᠡ ᠬᠦᠴᠢᠷ ᠠᠰᠠᠭᠤᠳᠠᠯ᠎ᠳᠤ ᠲᠤᠯᠭᠠᠷᠠᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠬᠠᠮᠲᠤᠷᠠᠨ ᠲᠦᠷᠦᠭᠦᠯᠡᠵᠦ᠂ ᠰᠢᠰᠲᠧᠮ᠎ᠢ ᠳᠠᠬᠢᠨ ᠪᠠᠶ᠋ᠢᠭᠤᠯᠬᠤ᠂ ᠲᠣᠭ᠎ᠠ ᠪᠠᠷᠢᠮᠲᠠ᠎ᠶᠢ ᠬᠠᠮᠲᠤ᠎ᠪᠠᠷ ᠬᠤᠪᠢᠶᠠᠯᠴᠠᠬᠤ ᠪᠠ ᠲᠤᠬᠠᠢᠯᠠᠭᠰᠠᠨ ᠠᠵᠢᠯ᠎ᠤᠨ ᠶᠠᠪᠤᠴᠠ᠎ᠶᠢ ᠳᠠᠬᠢᠨ ᠲᠣᠬᠢᠷᠠᠭᠤᠯᠬᠤ᠎ᠪᠠᠷ ᠳᠡᠮᠵᠢᠨ᠂ ᠬᠢᠨᠠᠨ ᠰᠢᠯᠭᠠᠬᠤ ᠪᠠ ᠦᠨᠡᠮᠯᠡᠯ ᠭᠦᠢᠴᠡᠳᠬᠡᠬᠦ᠎ᠳᠦ 《 ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ᠂ ᠲᠣᠭ᠎ᠠ ᠪᠠᠷᠢᠮᠲᠠ᠎ᠶᠢ ᠭᠦᠶᠦᠯᠭᠡᠬᠦ᠂ ᠠᠵᠤ ᠠᠬᠤᠢᠯᠠᠯ᠎ᠳᠤ ᠳᠦᠬᠦᠮ᠂ ᠬᠤᠪᠢ ᠬᠥᠮᠥᠨ᠎ᠤ ᠴᠠᠭ᠎ᠢ ᠠᠷᠪᠢᠯᠠᠬᠤ 》᠎ᠶᠢ ᠪᠡᠶᠡᠯᠡᠭᠦᠯᠪᠡ᠃
ᠠᠬᠢᠭᠤᠯᠬᠤ ᠲᠣᠭᠲᠠᠴᠠ᠎ᠶᠢᠨ ᠲᠠᠯ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠨᠢ 《 ᠬᠣᠶᠠᠷ᠎ᠢ ᠲᠦᠷᠦᠭᠦᠯᠡᠨ ᠬᠢᠬᠦ 》 ᠬᠠᠮᠵᠢᠯᠴᠠᠬᠤ ᠵᠠᠭᠪᠤᠷ᠎ᠢ ᠬᠡᠷᠡᠭᠵᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠣᠯᠪᠤᠭᠠᠯᠠᠨ᠂ 《 ᠥᠨᠳᠥᠷ ᠦᠷ᠎ᠡ ᠪᠦᠲᠦᠮᠵᠢᠲᠡᠶ᠎ᠪᠡᠷ ᠨᠢᠭᠡ ᠶᠠᠪᠤᠳᠠᠯ᠎ᠢ ᠪᠦᠲᠦᠭᠡᠬᠦ ᠲᠤᠬᠠᠢᠯᠠᠭᠰᠠᠨ ᠠᠵᠢᠯ᠎ᠤᠨ ᠲᠥᠰᠥᠯ 》᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠬᠠᠷᠢᠭᠤᠴᠠᠯᠭ᠎ᠠ᠎ᠶᠢᠨ ᠬᠤᠪᠢᠶᠠᠷᠢᠯᠠᠯ᠂ ᠲᠤᠬᠠᠢᠯᠠᠭᠰᠠᠨ ᠠᠵᠢᠯ᠎ᠤᠨ ᠶᠠᠪᠤᠴᠠ ᠬᠢᠭᠡᠳ ᠲᠣᠭ᠎ᠠ ᠪᠠᠷᠢᠮᠲᠠ᠎ᠶᠢ ᠬᠠᠮᠲᠤ᠎ᠪᠠᠷ ᠬᠤᠪᠢᠶᠠᠯᠴᠠᠬᠤ ᠨᠠᠷᠢᠨ ᠲᠠᠩᠰᠠ᠎ᠶᠢ ᠲᠣᠳᠣᠷᠬᠠᠢᠯᠠᠨ᠂ 《 ᠤᠰᠤᠨ ᠠᠰᠢᠭ᠍ᠯᠠᠯᠲᠠ᠎ᠪᠠᠷ ᠭᠣᠣᠯᠯᠠᠭᠤᠯᠬᠤ᠂ ᠵᠠᠰᠠᠭ᠎ᠤᠨ ᠲᠣᠭ᠎ᠠ ᠪᠠᠷᠢᠮᠲᠠ᠎ᠶᠢ ᠨᠢᠭᠡᠳᠦᠯᠲᠡᠢ ᠲᠥᠯᠥᠪᠵᠢᠭᠦᠯᠬᠦ᠂ ᠣᠯᠠᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ 》 ᠠᠵᠢᠯ᠎ᠤᠨ ᠪᠠᠢᠷᠢᠰᠢᠯ᠎ᠢ ᠪᠣᠶ ᠪᠣᠯᠭᠠᠪᠠ᠃
ᠦᠢᠯᠡᠴᠢᠯᠡᠭᠡᠨ᠎ᠦ ᠵᠠᠭᠪᠤᠷ᠎ᠤᠨ ᠲᠠᠯ᠎ᠠ᠎ᠪᠠᠷ ᠂ ᠲᠥᠷᠥᠯ ᠵᠦᠢᠯ᠎ᠳᠦ ᠤᠤᠯ᠎ᠤᠨ ᠬᠣᠯᠪᠣᠭᠳᠠᠭᠰᠠᠨ 12 ᠭᠦᠢᠴᠡᠳᠬᠡᠬᠦ ᠵᠦᠢᠯᠡᠰ ᠬᠢᠭᠡᠳ 3 ᠲᠥᠷᠥᠯ᠎ᠦᠨ ᠬᠥᠮᠥᠰ᠎ᠦᠨ ᠰᠢᠯᠭᠠᠯᠲᠠ᠎ᠳᠤ ᠨᠡᠷ᠎ᠡ ᠮᠡᠳᠡᠭᠦᠯᠬᠦ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠵᠦᠢᠯᠡᠰ᠎ᠢ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠢ ᠬᠢᠨᠠᠨ ᠰᠢᠯᠭᠠᠬᠤ ᠨᠢᠭᠡ ᠶᠠᠪᠤᠳᠠᠯ 》 ᠪᠣᠯᠭᠠᠵᠤ᠂ ᠰᠢᠯᠭᠠᠯᠲᠠ᠎ᠳᠤ ᠨᠡᠷ᠎ᠡ ᠮᠡᠳᠡᠭᠦᠯᠬᠦ ᠪᠠ ᠦᠨᠡᠮᠯᠡᠯ ᠠᠩᠬ᠎ᠠ ᠤᠳᠠᠭ᠎ᠠ ᠭᠤᠶᠤᠴᠢᠯᠠᠨ ᠠᠪᠬᠤ᠎ᠶᠢ ᠬᠣᠯᠪᠤᠭᠠᠯᠠᠨ ᠭᠦᠢᠴᠡᠳᠬᠡᠬᠦ᠎ᠶᠢ ᠪᠡᠶᠡᠯᠡᠭᠦᠯᠪᠡ᠃ ᠰᠢᠯᠭᠠᠭᠤᠯᠤᠭ᠍ᠴᠢ ᠰᠢᠯᠭᠠᠯᠲᠠ᠎ᠳᠤ ᠬᠢᠷᠢ ᠲᠡᠩᠴᠡᠭᠰᠡᠨ᠎ᠦ ᠳᠠᠷᠠᠭ᠎ᠠ᠂ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠦᠨᠡᠮᠯᠡᠯ᠎ᠢ ᠬᠢᠨᠠᠨ ᠬᠠᠷᠭᠤᠭᠤᠯᠵᠤ ᠦᠨᠡᠮᠯᠡᠯ ᠣᠯᠭᠣᠬᠤ ᠭᠣᠭᠴᠣᠭ᠎ᠠ᠎ᠳᠤ ᠠᠶᠠᠨ᠎ᠳᠠᠭᠠᠨ ᠰᠢᠯᠵᠢᠭᠦᠯᠵᠦ᠂ ᠠᠵᠤ ᠠᠬᠤᠢᠯᠠᠯ ᠪᠣᠯᠣᠨ ᠬᠤᠪᠢ ᠬᠥᠮᠥᠨ᠎ᠦ ᠠᠵᠢᠯ ᠶᠠᠪᠤᠳᠠᠯ ᠭᠦᠢᠴᠡᠳᠬᠡᠬᠦ᠎ᠳᠦ ᠲᠥᠬᠥᠮ ᠦᠵᠡᠭᠦᠯᠬᠦ ᠬᠡᠮᠵᠢᠶ᠎ᠡ᠎ᠶᠢ ᠶᠡᠬᠡᠪᠡᠷ ᠳᠡᠭᠡᠭᠰᠢᠯᠡᠭᠦᠯᠦᠭᠰᠡᠨ ᠪᠠᠢᠨ᠎ᠠ᠃
ᠲᠦᠷᠦᠯ ᠵᠦᠢᠯ ᠨᠢ ᠪᠠᠰᠠ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠠᠷᠢᠮᠲᠠ᠎ᠶᠢ ᠬᠠᠮᠲᠤ᠎ᠪᠠᠷ ᠬᠤᠪᠢᠶᠠᠯᠴᠠᠬᠤ ᠰᠣᠯᠢᠯᠴᠠᠭᠠᠨ᠎ᠤ ᠲᠠᠪᠴᠠᠩ᠎ᠳᠤ ᠭᠦᠢᠴᠡᠳ ᠲᠦᠰᠢᠭᠯᠡᠵᠦ᠂ ᠨᠡᠢᠭᠡᠮ᠎ᠦᠨ ᠳᠠᠭᠠᠳᠬᠠᠯ᠎ᠤᠨ ᠳᠠᠭᠠᠳᠬᠠᠯ᠎ᠳᠤ ᠣᠷᠣᠯᠴᠠᠭᠰᠠᠨ ᠲᠡᠮᠳᠡᠭᠯᠡᠯ᠂ ᠠᠵᠤ ᠠᠬᠤᠢᠯᠠᠯ᠎ᠤᠨ ᠬᠢᠷᠢ ᠬᠡᠮ᠂ ᠡᠵᠡᠩᠨᠡᠯᠲᠡ᠎ᠶᠢᠨ ᠦᠨᠡᠮᠯᠡᠯ ᠵᠡᠷᠭᠡ 9 ᠲᠦᠷᠦᠯ᠎ᠦᠨ ᠲᠣᠭ᠎ᠠ ᠪᠠᠷᠢᠮᠲᠠ᠎ᠶᠢ ᠵᠠᠯᠭᠠᠬᠤ᠎ᠶᠢ ᠠᠬᠢᠭᠤᠯᠵᠤ᠂ ᠭᠤᠶᠤᠴᠢᠯᠠᠯ᠎ᠤᠨ ᠮᠡᠳᠡᠭᠡ ᠵᠠᠩᠭᠢ᠎ᠶᠢ 《 ᠠᠦ᠋ᠲ᠋ᠣ᠋ ᠬᠢᠨᠠᠨ ᠬᠠᠷᠭᠤᠭᠤᠯᠬᠤ᠂ ᠲᠤᠰᠢᠶᠠᠬᠤ᠎ᠠᠴᠠ ᠬᠡᠯᠲᠦᠷᠢᠭᠦᠯᠬᠦ 》 ᠶ᠋ᠢ ᠪᠡᠶᠡᠯᠡᠭᠦᠯᠵᠡᠢ᠃ 2025 ᠣᠨ᠎ᠤ 10 ᠳ᠋ᠤᠭᠠᠷ ᠰᠠᠷ᠎ᠠ᠎ᠳᠤ 《 ᠦᠨᠡᠮᠯᠡᠯ ᠠᠪᠬᠤ ᠦᠭᠡᠢ᠎ᠪᠡᠷ ᠭᠦᠢᠴᠡᠳᠬᠡᠬᠦ 》᠎ᠤᠨ ᠲᠣᠬᠢᠷᠠᠭᠤᠯᠤᠯᠲᠠ᠎ᠶᠢ ᠪᠡᠶᠡᠯᠡᠭᠦᠯᠦᠭᠰᠡᠨ᠎ᠦ ᠳᠠᠷᠠᠭ᠎ᠠ᠂ ᠠᠵᠤ ᠠᠬᠤᠢᠯᠠᠯ ᠪᠣᠯᠣᠨ ᠬᠤᠪᠢ ᠬᠥᠮᠥᠨ 《 ᠮᠥᠩᠬᠡ ᠰᠤᠪᠠᠭ 》 App ( ᠬᠡᠷᠡᠭᠯᠡᠭᠡᠨ᠎ᠦ ᠫᠷᠣᠭ᠌ᠷᠠᠮ )᠎ᠢᠶᠠᠷ ᠳᠠᠮᠵᠢᠭᠤᠯᠤᠨ ᠬᠠᠮᠢᠶ᠎ᠠ ᠪᠦᠬᠦᠢ ᠦᠨᠡᠮᠯᠡᠯ᠎ᠦᠨ ᠮᠠᠲᠧᠷᠢᠶᠠᠯ᠎ᠢ ᠰᠢᠭᠤᠳ ᠰᠢᠯᠵᠢᠭᠦᠯᠦᠨ ᠬᠡᠷᠡᠭᠯᠡᠵᠦ᠂ ᠮᠠᠲᠧᠷᠢᠶᠠᠯ᠎ᠤᠨ ᠪᠡᠯᠡᠳᠬᠡᠯ᠎ᠦᠨ ᠳᠠᠷᠤᠭᠠᠰᠤ᠎ᠶᠢ ᠤᠯᠠᠮ ᠨᠢᠭᠡ ᠠᠯᠬᠤᠮ ᠬᠥᠩᠭᠡᠷᠡᠭᠦᠯᠵᠡᠢ᠃
ᠥᠭᠡᠷᠡᠴᠢᠯᠡᠯᠲᠡ᠎ᠶᠢᠨ ᠦᠷ᠎ᠡ ᠪᠦᠲᠦᠮᠵᠢ᠎ᠶᠢ ᠬᠡᠷᠡᠭ ᠡᠷᠬᠢᠯᠡᠬᠦ ᠶᠠᠪᠤᠴᠠ ᠪᠣᠯᠣᠨ ᠭᠣᠭᠴᠣᠭ᠎ᠠ᠎ᠶᠢ ᠴᠣᠮᠬᠠᠳᠬᠠᠭᠰᠠᠨ᠎ᠠᠴᠠ ᠲᠣᠳᠣᠷᠬᠠᠢ ᠮᠡᠳᠡᠵᠦ ᠪᠣᠯᠣᠨ᠎ᠠ᠃ 《 ᠨᠢᠭᠡ ᠶᠠᠪᠤᠳᠠᠯ 》᠎ᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠦᠯᠵᠢᠶ᠎ᠡ᠎ᠳᠦ ᠣᠷᠣᠭᠤᠯᠤᠭᠰᠠᠨ᠎ᠤ ᠳᠠᠷᠠᠭ᠎ᠠ᠂ ᠠᠵᠢᠯ ᠶᠠᠪᠤᠳᠠᠯ ᠭᠦᠢᠴᠡᠳᠬᠡᠬᠦ ᠭᠣᠭᠴᠣᠭ᠎ᠠ᠎ᠶᠢ 9 ᠪᠠᠢᠭᠰᠠᠨ᠎ᠠᠴᠠ 7 ᠪᠣᠯᠭᠠᠨ ᠪᠠᠭᠠᠰᠬᠠᠵᠤ᠂ ᠨᠡᠶ᠋ᠢᠲᠡ ᠭᠦᠢᠴᠡᠳᠬᠡᠬᠦ ᠴᠠᠭ᠎ᠢ 44 ᠠᠵᠢᠯ᠎ᠤᠨ ᠡᠳᠦᠷ ᠪᠠᠢᠭᠰᠠᠨ᠎ᠠᠴᠠ 17 ᠠᠵᠢᠯ᠎ᠤᠨ ᠡᠳᠦᠷ ᠪᠣᠯᠭᠠᠨ ᠪᠠᠭᠠᠰᠬᠠᠵᠤ᠂ ᠭᠤᠶᠤᠴᠢᠯᠠᠬᠤ ᠮᠠᠲᠧᠷᠢᠶᠠᠯ᠎ᠢ 《 ᠣᠯᠠᠨ ᠬᠦᠰᠦᠨᠦᠭᠲᠦ᠎ᠶᠢ ᠨᠢᠭᠡᠳᠬᠡᠵᠦ᠂ ᠨᠢᠭᠡ ᠬᠦᠰᠦᠨᠦᠭᠲᠦ᠎ᠪᠡᠷ ᠮᠡᠳᠡᠭᠦᠯᠬᠦ 》᠎ᠶᠢ ᠪᠡᠶᠡᠯᠡᠭᠦᠯᠵᠦ᠂ ᠨᠢᠭᠡ ᠴᠦ᠍ ᠤᠳᠠᠭ᠎ᠠ ᠭᠦᠶᠦᠬᠦ ᠦᠭᠡᠢ᠎ᠪᠡᠷ ᠪᠥᠬᠥ ᠶᠠᠪᠤᠴᠠ᠎ᠶᠢ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠡᠶᠡᠯᠡᠭᠦᠯᠪᠡ᠃