《ᠠᠩᠬ᠎ᠠ ᠤᠳᠠᠭ᠎ᠠ ᠬᠥᠬᠡᠬᠣᠲᠠ᠎ᠳᠤ ᠢᠷᠡᠵᠦ ᠪᠠᠢ᠌ᠨ᠎ᠠ᠂ ᠡᠨᠳᠡᠬᠢ ᠬᠡᠷᠡᠭᠯᠡᠭᠡᠨ᠎ᠤ ᠠᠭᠤᠷ ᠠᠮᠢᠰᠬᠤᠯ ᠦᠨᠡᠬᠡᠷ ᠰᠠᠢ᠌ᠬᠠᠨ ᠪᠠᠢ᠌ᠨ᠎ᠠ᠂ ᠣᠷᠣᠢ᠎ᠳᠠᠭᠠᠨ ᠲᠠᠯ᠎ᠠ ᠨᠤᠲᠤᠭ᠎ᠲᠤ ᠲᠦᠳᠡᠭ ᠭᠠᠯ ᠦᠵᠡᠵᠦ᠂ ᠣᠨᠴᠠᠯᠢᠭᠲᠤ ᠰᠢᠷᠠᠮᠠᠯ ᠢᠳᠡᠭᠡᠨ ᠢᠳᠡᠵᠦ᠂ ᠡᠳᠦᠷ᠎ᠲᠡᠭᠡᠨ ᠬᠠᠭᠤᠴᠢᠨ ᠵᠡᠭᠡᠯᠢ᠎ᠪᠠᠷ ᠲᠣᠭᠣᠷᠢᠵᠤ᠂ ᠲᠤᠰᠬᠠᠢ ᠵᠤᠭ᠋ᠠᠴᠠᠯ᠎ᠤᠨ ᠳᠤᠷᠠᠰᠬᠠᠯ᠎ᠤᠨ ᠡᠳ᠋ ᠵᠠᠬᠢᠶᠠᠯᠠᠨ᠎ᠠ᠂ ᠬᠥᠬᠡᠬᠣᠲᠠ ᠦᠨᠡᠬᠡᠷ ᠪᠢᠳᠡᠨ᠎ᠢ ᠰᠠᠢ᠌ᠨ ᠣᠢ᠌ᠯᠠᠭ᠋ᠠᠨ᠎ᠠ!》 ᠭᠡᠵᠦ ᠬᠡᠯᠡᠪᠡ᠃
《ᠥᠪᠥᠷ ᠮᠣᠩᠭᠤᠯ᠎ᠳᠤ ᠢᠷᠡᠭᠰᠡᠨ᠎ᠨᠢ ᠶᠡᠷᠦ᠎ᠠᠴᠠ ᠵᠤᠤ ᠵᠢᠶᠦ᠋ᠨ᠎ᠤ ᠤᠩᠭᠤᠨ᠂ ᠶᠡᠭᠡ ᠵᠤᠤ ᠰᠦᠮ᠎ᠡ ᠵᠡᠷᠭᠡ ᠨᠡᠷᠡᠳᠦ ᠦᠵᠡᠮᠵᠢ ᠵᠢᠨ ᠴᠡᠭ ᠪᠣᠯᠤᠨ ᠥᠷᠭᠡᠨ ᠠᠭᠤᠳᠠᠮ ᠲᠠᠯ᠎ᠠ ᠨᠤᠲᠤᠭ᠎ᠢ ᠵᠣᠷᠢᠵᠤ ᠢᠷᠡᠭᠰᠡᠨ ᠶᠤᠮ᠂ ᠠᠳᠡᠬᠢ ᠤᠯᠠᠨ ᠡᠰᠢᠴᠢᠯᠡᠭᠰᠡᠨ᠂ ᠥᠪᠡᠷᠮᠢᠴᠡ ᠣᠨᠴᠠᠯᠢᠭ᠎ᠲᠠᠢ ᠬᠡᠷᠡᠭᠯᠡᠭᠡᠨ᠎ᠤ ᠣᠶ᠋ᠢᠯᠠᠭ᠋ᠠᠯᠲᠠ ᠵᠢ 〈ᠬᠦᠷᠢᠶᠡᠯᠡᠬᠦ〉 ᠪᠣᠯᠤᠭᠰᠠᠨ᠎ᠢ ᠪᠣᠳᠣᠵᠤ ᠣᠯᠤᠭᠰᠠᠨ ᠦᠭᠡᠢ》 ᠭᠡᠵᠦ ᠬᠡᠯᠡᠵᠦ ᠪᠠᠶ᠋ᠢᠯ᠎ᠠ᠃
᠁
《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ 《ᠬᠥᠭᠵᠢᠶᠡᠨ᠎ᠲᠠᠢ》 ᠪᠦᠬᠦ ᠲᠠᠯ᠎ᠠ᠎ᠪᠠᠷ 《ᠬᠠᠯᠠᠭᠤᠷᠠᠯ᠎ᠤᠨ ᠬᠡᠮᠵᠢᠭᠳᠡᠯ》 ᠳᠦᠭᠦᠷᠡᠩ ᠪᠠᠢ᠌ᠯ᠎ᠠ᠃ ᠪᠠᠭ᠎ᠠ ᠠᠮᠠᠷᠠᠯᠲᠠ ᠵᠢᠨ ᠬᠤᠭᠤᠴᠠᠭ᠋ᠠᠨ᠎ᠳᠤ᠂ ᠰᠤᠷᠪᠤᠯᠵᠢᠯᠠᠭᠴᠢ ᠬᠥᠬᠡᠬᠣᠲᠠ ᠵᠢᠨ ᠵᠤᠸᠠᠨ ᠵᠢᠶᠣᠤ ᠭᠤᠳᠤᠮᠵᠢ᠂ ᠨᠡᠬᠡᠮᠡᠯ ᠵᠡᠷᠭᠡ ᠭᠣᠣᠯᠳᠠᠯᠭ᠎ᠠ᠎ᠲᠠᠢ ᠬᠤᠳᠠᠯᠳᠤᠭ᠋ᠠᠨ᠎ᠤ ᠲᠣᠭᠣᠷᠢᠭ᠎ᠲᠤ ᠬᠦᠷᠴᠦ᠂ ᠤᠯᠤᠰ᠎ᠤᠨ ᠤᠷᠤᠰᠬᠠᠯ᠎ᠤᠨ ᠰᠣᠶᠣᠯ᠂ ᠰᠥᠨᠢ ᠵᠢᠨ ᠠᠵᠤ ᠠᠬᠤᠢ᠂ ᠵᠢᠪᠦᠮᠡᠯ ᠮᠠᠶᠢᠭ ᠵᠶ᠋ᠠᠷ ᠣᠢ᠌ᠯᠠᠭ᠋ᠠᠬᠤ ᠵᠡᠷᠭᠡ ᠰᠢᠨ᠎ᠡ ᠲᠠᠯᠠᠪᠠᠢ ᠵᠢᠨ ᠠᠮᠢᠵᠢᠷᠠᠯ᠎ᠤᠨ ᠬᠦᠴᠦᠨ ᠪᠠᠳᠠᠷᠠᠨ ᠬᠥᠭᠵᠢᠵᠦ᠂ ᠬᠣᠲᠠ ᠵᠢᠨ ᠠᠷᠠᠳ᠎ᠤᠨ ᠵᠤᠭ᠋ᠠᠴᠠᠭᠰᠠᠳ ᠤᠲᠤᠭ᠎ᠠ ᠠᠭᠤᠷ ᠠᠮᠢᠰᠭᠤᠯ ᠪᠣᠯᠤᠨ ᠣᠳᠬ᠎ᠠ ᠤᠷᠠᠯᠢᠭ᠎ᠤᠨ ᠬᠡᠪ ᠨᠠᠮᠪᠠ᠎ᠠᠴᠠ ᠬᠡᠷᠡᠭᠯᠡᠭᠡᠨ᠎ᠤ ᠬᠠᠯᠠᠭᠤᠷᠠᠯ᠎ᠢ ᠣᠢ᠌ᠯᠠᠭ᠋ᠠᠵᠤ᠂ ᠬᠠᠮᠲᠤ᠎ᠪᠠᠷ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠬᠣᠶᠠᠷ ᠬᠥᠭᠵᠢᠭᠰᠡᠨ ᠪᠠᠢ᠌ᠳᠠᠯ᠎ᠢ ᠪᠣᠢ ᠪᠣᠯᠭ᠋ᠠᠬᠤ ᠵᠢ ᠠᠬᠢᠭᠤᠯᠵᠠᠢ᠃
《5.1》᠎ᠤ ᠬᠤᠭᠤᠴᠠᠭ᠋ᠠᠨ᠎ᠳᠤ᠂ ᠪᠥᠬᠦ ᠣᠷᠣᠨ᠎ᠤ ᠭᠤᠤᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ ᠨᠡᠶ᠋ᠢᠲᠡ 15.77 ᠳ᠋ᠦᠩᠰᠢᠭᠤᠷ ᠲᠥᠭᠦᠷᠢᠭ᠎ᠤᠨ ᠪᠣᠷᠣᠯᠠᠭᠤᠯᠭ᠎ᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 2.3%᠎ᠪᠠᠷ ᠨᠡᠮᠡᠭᠳᠡᠪᠡ᠃
5 ᠳ᠋ᠤᠭ᠋ᠠᠷ ᠰᠠᠷ᠎ᠠ ᠵᠢᠨ 1᠎ᠤ ᠡᠳᠦᠷ᠂ ᠰᠤᠷᠪᠤᠯᠵᠢᠯᠠᠭᠴᠢ ᠬᠥᠬᠡᠬᠣᠲᠠ ᠵᠢᠨ ᠨᠡᠬᠡᠮᠡᠯ ᠬᠤᠳᠠᠯᠳᠤᠭ᠋ᠠᠨ᠎ᠤ ᠲᠣᠭᠣᠷᠢᠭ᠎ᠲᠤ ᠬᠦᠷᠬᠦ᠎ᠳᠤ᠂ ᠡᠨᠳᠡ ᠶᠠᠭ ᠰᠠᠢ᠌ᠬᠠᠨ ᠲᠠᠯᠬ᠎ᠠ & ᠺᠣᠹᠧ ᠵᠢᠨ ᠰᠣᠶᠣᠯ᠎ᠤᠨ ᠨᠠᠢ᠌ᠷ ᠡᠷᠬᠢᠯᠡᠵᠦ ᠪᠠᠢ᠌ᠯ᠎ᠠ᠃ ᠠᠳᠠᠯᠢ ᠪᠤᠰᠤ ᠨᠡᠷᠡᠲᠦ ᠲᠡᠮᠳᠡᠭᠲᠦ ᠲᠠᠯᠬ᠎ᠠ ᠪᠣᠯᠤᠨ ᠺᠣᠹᠧ ᠵᠢᠨ ᠮᠤᠬᠤᠯᠠᠭᠲᠤ ᠮᠠᠰᠢ ᠣᠯᠠᠨ ᠳᠡᠯᠭᠡᠭᠦᠷ᠎ᠤᠨ ᠪᠠᠢ᠌ᠷᠢ ᠨᠡᠬᠡᠬᠡᠵᠦ᠂ ᠲᠠᠯᠬ᠎ᠠ ᠵᠢᠨ ᠠᠮᠲᠠᠲᠤ ᠠᠮᠲᠠ᠂ ᠺᠣᠹᠧ ᠵᠢᠨ ᠦᠨᠦᠷ ᠬᠠᠩᠬᠤᠯᠵᠤ᠂ ᠮᠠᠰᠢ ᠣᠯᠠᠨ ᠵᠤᠭ᠋ᠠᠴᠠᠭᠰᠠᠳ ᠪᠣᠯᠤᠨ ᠬᠤᠲᠠ ᠵᠢᠨ ᠠᠷᠠᠳ᠎ᠤᠨ ᠠᠩᠬᠠᠷᠤᠯ᠎ᠢ ᠲᠠᠲᠠᠭᠰᠠᠨ ᠪᠠᠶ᠋ᠢᠨ᠎ᠠ᠃
《ᠶᠠᠫᠣᠨ ᠮᠠᠶᠢᠭ᠎ᠤᠨ ᠲᠦᠭᠦᠬᠡᠢ ᠤᠷᠲᠦ ᠳᠦᠷᠪᠡᠯᠵᠢᠨ ᠮᠢᠶᠠᠨᠪᠤᠤ᠂ ᠧᠦᠢ᠍ᠷᠣᠫᠠ ᠮᠠᠶᠢᠭ᠎ᠤᠨ ᠬᠤᠵᠢᠷ᠎ᠤᠨ ᠪᠣᠣᠪᠣ᠂ ᠪᠦᠲᠦᠭᠡᠯᠴᠢ ᠰᠸ ᠺᠠᠩ ᠁》 ᠪᠢ ᠬᠤᠳᠠᠯᠳᠤᠭ᠋ᠠᠨ᠎ᠤ ᠲᠠᠯᠠᠪᠤᠷ᠎ᠲᠤ ᠠᠩᠬ᠎ᠠ ᠤᠳᠠᠭ᠎ᠠ ᠢᠢ᠍ᠮᠦ ᠣᠯᠠᠨ ᠲᠥᠷᠥᠯ᠎ᠤᠨ ᠲᠠᠯᠬ᠎ᠠ ᠢᠳᠡᠵᠦ᠂ ᠮᠠᠨᠤᠰ ᠰᠢᠭ ᠨᠡᠭᠦᠷᠡᠰᠦ ᠤᠰᠤᠨ᠎ᠳᠤ ᠳᠤᠷ᠎ᠠ ᠪᠠᠬᠠᠲᠠᠢ ᠬᠦᠮᠦᠰ᠎ᠲᠤ ᠠᠪᠴᠤ ᠬᠡᠯᠡᠪᠡᠯ ᠲᠣᠩ ᠰᠠᠢ᠌ᠨ ᠪᠤᠯᠤᠯ᠎ᠠ!》 ᠭᠡᠵᠦ ᠱᠠᠨᠳᠦ᠋ᠩ ᠮᠤᠵᠢ ᠵᠢᠨ ᠵᠢᠭᠤᠯᠴᠢᠨ ᠯᠢᠦᠢ ᠯᠢ ᠯᠢ ᠬᠡᠯᠡᠪᠡ᠃
《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠡᠯ᠎ᠡ ᠲᠣᠮᠣ ᠬᠤᠳᠠᠯᠳᠤᠭ᠋ᠠᠨ᠎ᠤ ᠲᠣᠭᠤᠷᠢᠭ᠎ᠤᠨ ᠬᠥᠮᠦᠨ᠎ᠤ ᠲᠤᠭ᠎ᠠ ᠢᠯᠡᠳᠲᠡ ᠳᠡᠭᠡᠭᠰᠢᠯᠡᠵᠦ᠂ ᠵᠠᠬ᠎ᠠ ᠳᠡᠯᠭᠡᠭᠦᠷ᠎ᠲᠤ 《ᠬᠥᠮᠦᠨ ᠬᠠᠷ᠎ᠠ ᠬᠦᠭᠵᠢᠶᠡᠨᠳᠡᠢ᠂ ᠬᠤᠳᠠᠯᠳᠤᠭ᠎ᠠ ᠬᠦᠭᠵᠢᠶᠡᠨᠳᠡᠢ᠂ ᠬᠡᠷᠡᠭᠯᠡᠭᠡ ᠬᠦᠭᠵᠢᠶᠡᠨᠳᠠᠢ》 ᠪᠠᠶ᠋ᠢᠳᠠᠯ ᠢᠯᠡᠷᠡᠪᠡ᠃ ᠬᠥᠬᠡᠬᠤᠲᠠ ᠵᠢᠨ ᠵᠥᠩ ᠱᠠᠨ ᠵᠠᠮ᠎ᠤᠨ ᠬᠤᠳᠠᠯᠳᠤᠭ᠋ᠠᠨ᠎ᠤ ᠲᠣᠭᠤᠷᠢᠭ᠂ ᠪᠤᠤ ᠪᠠᠢ ᠪᠦᠷᠢᠨ ᠪᠠᠷᠠᠭ᠋ᠠᠳᠤ ᠬᠤᠳᠠᠯᠳᠤᠭ᠋ᠠᠨ᠎ᠤ ᠲᠣᠭᠤᠷᠢᠭ᠂ ᠣᠷᠳᠣᠰ᠎ᠤᠨ ᠬᠤᠶ᠋ᠢᠲᠤ ᠵᠠᠮ᠎ᠤᠨ ᠬᠤᠳᠠᠯᠳᠤᠭ᠋ᠠᠨ᠎ᠤ ᠲᠣᠭᠤᠷᠢᠭ᠂ ᠤᠯᠠᠭ᠋ᠠᠨᠬᠠᠳᠠ ᠬᠤᠲᠠ ᠵᠢᠨ ᠴᠢᠶᠤᠤ ᠪᠸᠢ ᠬᠤᠳᠠᠯᠳᠤᠭ᠋ᠠᠨ᠎ᠤ ᠲᠣᠭᠤᠷᠢᠭ ᠵᠡᠷᠭᠡ᠎ᠨᠢ ᠠᠶᠠᠨᠴᠢᠳ᠎ᠤᠨ ᠤᠷᠤᠰᠬᠠᠯ᠎ᠤᠨ ᠣᠷᠭᠢᠯ᠎ᠢ ᠤᠭᠲᠤᠵᠤ᠂ ᠠᠶᠠᠨᠴᠢᠳ᠎ᠤᠨ ᠤᠷᠤᠰᠬᠠᠯ᠎ᠤᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 30.2%᠂ 23.7%᠂ 21.6%᠂ 19.8%᠎ᠪᠠᠷ ᠨᠡᠮᠡᠭᠳᠡᠪᠡ᠃
5 ᠳ᠋ᠤᠭ᠋ᠠᠷ ᠰᠠᠷ᠎ᠠ ᠵᠢᠨ 2᠎ᠤ ᠡᠳᠦᠷ᠂ ᠬᠥᠬᠡᠬᠣᠲᠠ ᠵᠢᠨ ᠡᠦ ᠯᠢ ᠶᠢᠩ᠂ ᠬᠣᠩ ᠰᠢᠩ ᠮᠧᠢ ᠺᠠᠢ ᠯᠦᠩ ᠭᠡᠷ᠎ᠤᠨ ᠡᠳ᠋ᠯᠡᠯ ᠬᠡᠷᠡᠭᠰᠡᠯ ᠬᠤᠳᠠᠯᠳᠤᠨ ᠠᠪᠬᠤ ᠵᠣᠴᠢᠳ ᠲᠠᠰᠤᠷᠠᠯ ᠦᠭᠡᠢ ᠴᠤᠪᠤᠷᠠᠵᠤ᠂ ᠮᠠᠰᠢ ᠣᠯᠠᠨ ᠳᠡᠯᠭᠡᠭᠦᠷ᠎ᠤᠨ ᠵᠠᠮᠴᠢᠯᠠᠭᠴᠢ᠎ᠨᠢ ᠮᠠᠰᠢ ᠶᠠᠭ᠋ᠠᠷᠠᠤ ᠪᠠᠢ᠌ᠯ᠎ᠠ᠃
ᠲᠣᠮᠣ ᠬᠡᠯᠪᠡᠷᠢ ᠵᠢᠨ ᠠᠷᠢᠭᠤᠨ ᠴᠡᠪᠡᠷ ᠪᠠ ᠤᠬᠢᠶᠠᠯᠭ᠎ᠠ ᠵᠢᠨ ᠬᠡᠷᠡᠭᠰᠡᠯ᠎ᠤᠨ ᠭᠠᠵᠠᠷ᠎ᠲᠤ᠂ ᠬᠣᠲᠠ ᠵᠢᠨ ᠠᠷᠠᠳ ᠯᠢ ᠠᠪᠠᠬᠠᠢ ᠣᠳᠣ ᠶᠠᠭ ᠰᠢᠨ᠎ᠡ ᠭᠡᠷ᠎ᠲᠡᠭᠡᠨ ᠤᠭᠢᠶᠠᠯᠭ᠎ᠠ ᠵᠢᠨ ᠰᠦᠷᠴᠢᠭᠦᠷ ᠪᠠ ᠭᠠᠳᠠᠭ᠋ᠠᠯᠠᠬᠤ ᠰᠠᠭᠤᠯᠭ᠎ᠠ ᠰᠣᠩᠭᠣᠵᠤ ᠪᠠᠢ᠌ᠯ᠎ᠠ᠃ ᠲᠡᠷᠡ ᠰᠤᠷᠪᠤᠯᠵᠢᠯᠠᠭᠴᠢ᠎ᠳᠤ ᠬᠡᠯᠡᠬᠦ᠎ᠳᠡᠭᠡᠨ᠄ 《ᠣᠲᠣ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ᠎ᠤᠨ ᠠᠷᠢᠭᠤᠨ ᠴᠡᠪᠡᠷ᠎ᠤᠨ ᠰᠢᠨ᠎ᠡ ᠵᠢ ᠰᠣᠯᠢᠬᠤ ᠨᠥᠬᠦᠪᠥᠷᠢ ᠵᠢ ᠮᠠᠰᠢ ᠪᠣᠳᠠᠲᠠᠶ᠋ᠢᠵᠢᠭᠤᠯᠵᠤ᠂ ᠪᠠᠷᠠᠭ᠎ᠠ ᠬᠤᠳᠠᠯᠳᠤᠨ ᠠᠪᠬᠤ᠎ᠳᠤ ᠪᠠᠭ᠎ᠠ ᠪᠤᠰᠤ ᠠᠰᠢᠭ ᠬᠦᠷᠲᠡᠭᠡᠪᠡ》 ᠭᠡᠵᠡᠶ᠃
ᠡᠨᠡ ᠵᠢᠯ᠎ᠤᠨ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ 《5.1》᠎ᠤ ᠭᠣᠣᠯᠳᠠᠯᠭ᠎ᠠ᠎ᠲᠠᠢ ᠬᠡᠷᠡᠭᠯᠡᠭᠡ ᠵᠢ ᠠᠬᠢᠭᠤᠯᠬᠤ ᠠᠵᠢᠯᠯᠠᠭ᠎ᠠ᠎ᠳᠤ ᠭᠦᠨᠵᠡᠭᠡᠢ ᠰᠢᠭᠢᠳᠬᠡᠵᠦ᠂ 《ᠬᠠᠭᠤᠴᠢᠨ᠎ᠢ ᠠᠷᠢᠯᠭ᠋ᠠᠬᠤ᠎ᠳᠤ ᠨᠠᠩ ᠬᠢᠯᠪᠠᠷ᠂ ᠰᠢᠨ᠎ᠡ ᠵᠢ ᠰᠣᠯᠢᠬᠤ᠎ᠳᠤ ᠨᠠᠩ ᠳᠤᠷᠠᠲᠠᠶ》 ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠰᠢᠨ᠎ᠡ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠪᠡ᠃ ᠣᠳᠣᠬᠠᠨ ᠪᠣᠯᠲᠠᠯ᠎ᠠ᠂ ᠪᠥᠬᠦ ᠣᠷᠣᠨ᠎ᠳᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠵᠢᠨ ᠪᠠᠯᠠ ᠮᠥᠩᠭᠦ ᠵᠢ 18.8 ᠳ᠋ᠦᠩᠰᠢᠭᠤᠷ ᠲᠥᠭᠦᠷᠢᠭ ᠪᠠᠳᠠᠷᠠᠭᠤᠯᠵᠤ᠂ ᠬᠡᠷᠡᠭᠯᠡᠭᠡᠨ᠎ᠢ ᠨᠡᠶ᠋ᠢᠲᠡ 158 ᠳ᠋ᠦᠩᠰᠢᠭᠤᠷ ᠲᠥᠭᠦᠷᠢᠭ ᠳᠠᠶ᠋ᠢᠴᠢᠯᠠᠵᠤ᠂ ᠠᠷᠠᠳ ᠣᠯᠠᠨ᠎ᠤ ᠣᠷᠣᠯᠴᠠᠬᠤ ᠬᠠᠯᠠᠭᠤᠨ ᠰᠡᠳᠬᠢᠯᠭᠡ ᠣᠷᠭᠢᠯ᠎ᠤᠨ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠲᠦᠷᠭᠡᠨ ᠪᠠᠳᠠᠷᠠᠭᠤᠯᠪᠠ᠃
ᠡᠨᠡ ᠬᠦ᠌ ᠠᠮᠠᠷᠠᠯᠲᠠ ᠵᠢᠨ ᠬᠤᠭᠤᠴᠠᠭ᠋ᠠᠨ᠎ᠳᠤ᠂ ᠪᠥᠬᠦ ᠣᠷᠣᠨ᠎ᠤ ᠡᠯ᠎ᠡ ᠲᠣᠮᠣ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠳ ᠴᠠᠭ ᠤᠯᠠᠷᠢᠯ᠎ᠤᠨ ᠤᠨᠴᠠᠯᠢᠬᠳᠤ ᠨᠣᠭᠤᠭ᠎ᠠ ᠵᠠᠭᠤᠰᠢ ᠵᠢ ᠴᠠᠭᠲᠤᠨᠢ ᠳᠣᠭᠢᠷᠠᠭᠤᠯᠤᠨ ᠨᠡᠶ᠋ᠢᠲᠡᠯᠡᠵᠦ᠂ ᠬᠡᠷᠡᠭᠯᠡᠭᠡ ᠵᠢᠨ 《ᠰᠢᠨ᠎ᠡ ᠢᠳᠡᠭᠡᠨ》᠎ᠢ ᠬᠥᠲᠥᠯᠦᠨ ᠳᠠᠭ᠋ᠠᠭᠤᠯᠵᠤ᠂ ᠣᠷᠣᠨ᠎ᠤ ᠳᠤᠲᠤᠨ᠎ᠠ ᠭᠠᠳᠠᠨᠠᠬᠢ ᠨᠠᠩ ᠣᠯᠠᠨ ᠬᠡᠷᠡᠭᠯᠡᠭᠴᠢᠳ᠎ᠢ ᠲᠠᠲᠠᠵᠦ ᠪᠠᠢ᠌ᠯ᠎ᠠ᠃ ᠡᠭᠦᠨ᠎ᠳᠤ᠂ ᠰᠢᠪᠧᠢ ᠢᠳᠡᠭᠡᠨ ᠤᠮᠳᠠᠭ᠋ᠠᠨ᠂ ᠡᠷᠳᠡᠨᠢ ᠬᠠᠯᠠᠭᠤᠨ ᠲᠣᠭᠤᠭ᠎ᠠ᠂ ᠯᠣᠣ ᠰᠦᠢ ᠶᠤᠸᠠᠨ ᠱᠣᠣᠮᠠᠢ ᠵᠡᠷᠭᠡ ᠣᠷᠣᠨ ᠨᠤᠲᠤᠭ᠎ᠤᠨ ᠢᠳᠡᠭᠡᠨ ᠤᠮᠳᠠᠭ᠋ᠠᠨ᠎ᠤ ᠨᠠᠷᠠᠲᠤ ᠳᠡᠯᠭᠡᠭᠦᠷ᠎ᠤᠨ ᠵᠣᠴᠢᠳ᠎ᠤᠨ ᠤᠷᠤᠰᠬᠠᠯ ᠲᠦᠷᠭᠡᠨ ᠵᠶ᠋ᠠᠷ ᠨᠡᠮᠡᠭᠳᠡᠵᠦ᠂ ᠡᠳᠦᠷ ᠳᠤᠮᠳᠠᠴᠢ ᠵᠢᠨ ᠳᠠᠪᠴᠠᠩ᠎ᠤᠨ ᠨᠣᠷᠮ᠎ᠠ᠎ᠨᠢ 4 ᠤᠳᠠᠭ᠎ᠠ ᠵᠢ ᠳᠠᠪᠠᠵᠠᠶ᠃ ᠬᠢᠨᠠᠨ ᠬᠡᠮᠵᠢᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠦᠬᠦ ᠣᠷᠣᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ 75 ᠭᠡᠷ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠨᠢ ᠨᠡᠶ᠋ᠢᠲᠡ 3803.3 ᠲᠦᠮᠡᠨ ᠲᠦᠭᠦᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 9%᠎ᠪᠠᠷ ᠨᠡᠮᠡᠭᠳᠡᠪᠡ᠃
ᠡᠨᠡ ᠬᠦ᠌ 《5.1》᠎ᠤ ᠠᠮᠠᠷᠠᠯᠲᠠ᠎ᠳᠤ᠂ ᠥᠪᠥᠷ ᠮᠣᠩᠭᠤᠯ ᠪᠥᠬᠦ ᠣᠷᠣᠨ ᠪᠦᠰᠡ ᠵᠢᠨ ᠬᠤᠯᠪᠣᠭ᠋ᠠᠯᠠᠨ ᠬᠥᠳᠡᠯᠦᠯᠴᠡᠭᠰᠡᠨ ᠬᠡᠷᠡᠭᠯᠡᠭᠡ᠎ᠪᠠᠷ ᠪᠥᠬᠦ ᠤᠯᠤᠰ᠎ᠤᠨ ᠵᠢᠭᠤᠯᠴᠢᠯᠠᠭᠴᠢᠳ᠎ᠢ ᠥᠪᠥᠷ ᠮᠣᠩᠭᠤᠯ ᠵᠶ᠋ᠠᠷ ᠵᠤᠭ᠋ᠠᠴᠠᠭᠤᠯᠵᠤ᠂ ᠥᠪᠥᠷ ᠮᠣᠩᠭᠤᠯ᠎ᠢ ᠶᠡᠭᠡ᠎ᠪᠠᠷ ᠬᠤᠳᠠᠯᠳᠤᠨ ᠠᠪᠤᠭᠤᠯᠪᠠ᠃ ᠬᠤᠲᠠ ᠵᠢᠨ ᠬᠤᠳᠠᠯᠳᠤᠭ᠋ᠠᠨ᠎ᠤ ᠲᠣᠭᠤᠷᠢᠭ᠎ᠠᠴᠠ ᠲᠠᠯ᠎ᠠ ᠨᠤᠲᠤᠭ᠎ᠤᠨ ᠵᠢᠵᠢᠭ ᠪᠠᠯᠭ᠋ᠠᠰᠤ ᠬᠦᠷᠲᠡᠯ᠎ᠡ᠂ ᠮᠠᠰᠢᠨ ᠲᠡᠷᠭᠡ ᠳᠡᠯᠭᠡᠨ ᠪᠣᠷᠣᠯᠠᠭᠤᠯᠬᠤ᠎ᠠᠴᠠ ᠰᠣᠶᠣᠯ᠎ᠤᠨ ᠦᠪᠡᠳᠡᠭᠰᠢ ᠨᠠᠶ᠋ᠢᠷ ᠬᠦᠷᠲᠡᠯ᠎ᠡ᠂ ᠥᠪᠥᠷ ᠮᠣᠩᠭᠤᠯ ᠶᠠᠭ ᠰᠢᠨ᠎ᠡ ᠳᠦᠷᠰᠦ ᠪᠠᠶ᠋ᠢᠳᠠᠯ ᠵᠶ᠋ᠠᠷ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶ᠋ᠢᠨ᠎ᠠ᠃