ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠱᠠᠩᠨᠠᠯ ᠣᠯᠭᠣᠬᠤ ᠬᠤᠷᠠᠯ 12 ᠰᠠᠷ᠎ᠠ᠎ᠶᠢᠨ 26᠎ᠤ ᠡᠳᠦᠷ ᠪᠡᠭᠡᠵᠢᠩ᠎ᠳᠦ ᠬᠤᠷᠠᠯᠳᠤᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠴᠧᠨ ᠮᠢᠨ ᠬᠤᠷᠠᠯ᠎ᠢ ᠡᠷᠭᠢᠯᠡᠭᠰᠡᠨ ᠪᠥᠭᠡᠳ ᠬᠥᠬᠢᠭᠦᠯᠦᠨ ᠰᠠᠢᠰᠢᠶᠠᠬᠤ ᠲᠣᠭᠲᠠᠭᠠᠯ᠎ᠢ ᠤᠩᠰᠢᠨ ᠨᠡᠢᠲᠡᠯᠡᠵᠦ᠂ ᠳᠡᠳ᠋ ᠰᠠᠢᠳ ᠸᠠᠩ ᠪᠦᠦ ᠧᠨ ᠬᠤᠷᠠᠯ᠎ᠳᠤ ᠣᠷᠣᠯᠴᠠᠪᠠ᠃
ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠬᠥᠬᠢᠭᠦᠯᠦᠨ ᠰᠠᠢᠰᠢᠶᠠᠵᠤ᠂ ᠲᠡᠮᠡᠴᠡᠯ᠎ᠦᠨ ᠦᠯᠢᠭᠡᠷ ᠳᠠᠭᠤᠷᠢᠶᠠᠯ᠎ᠢ ᠪᠤᠢ ᠪᠤᠯᠭᠠᠵᠤ᠂ ᠨᠡᠢᠭᠡᠮ᠎ᠦᠨ ᠡᠯ᠎ᠡ ᠡᠲᠡᠭᠡᠳ᠎ᠦᠨ ᠭᠢᠨ᠎ᠦ ᠤᠰᠤ ᠠᠷᠪᠢᠯᠠᠬᠤ ᠦᠢᠯᠡᠳᠦᠯᠭᠡ᠎ᠳᠦ ᠢᠳᠡᠪᠬᠢᠲᠡᠢ ᠣᠷᠤᠯᠴᠠᠬᠤ᠎ᠶᠢ ᠵᠣᠷᠢᠭ᠍ᠵᠢᠭᠤᠯᠵᠤ᠂ ᠤᠰᠤ ᠠᠷᠪᠢᠯᠠᠬᠤ ᠠᠵᠢᠯ᠎ᠢ ᠭᠠᠷ ᠬᠣᠯᠪᠣᠨ ᠲᠦᠯᠬᠢᠨ ᠠᠬᠢᠭᠤᠯᠬᠤ᠎ᠶᠢᠨ ᠲᠥᠯᠥᠭᠡ᠂ ᠨᠠᠮ ᠪᠠ ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠢᠰᠢᠶᠠᠬᠤ ᠠᠵᠢᠯ᠎ᠤᠨ ᠺᠣᠮᠢᠰ᠎ᠤᠨ ᠠᠯᠪᠠᠨ ᠭᠡᠷ᠎ᠦᠨ ᠵᠥᠪᠰᠢᠶᠡᠷᠡᠯ᠎ᠢᠶᠡᠷ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠢ ᠪᠠᠢᠭᠤᠯᠪᠠ᠃ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠢ ᠪᠡᠭᠡᠵᠢᠩ ᠬᠣᠲᠠ᠎ᠶᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠶᠢᠨ ᠪᠡᠭᠡᠵᠢᠩ ᠬᠣᠲᠠ᠎ᠶᠢᠨ ᠤᠰᠤ ᠠᠷᠪᠢᠯᠠᠵᠤ ᠬᠡᠷᠡᠭᠯᠡᠬᠦ ᠠᠯᠪᠠᠨ ᠭᠡᠷ ᠵᠡᠷᠭᠡ 149 ᠨᠢᠭᠡᠴᠢ᠎ᠳᠦ 《 ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠠᠮᠲᠤ 》 ᠴᠣᠯᠠ ᠣᠯᠭᠣᠵᠤ ᠂ ᠵᠦ᠍ ᠬᠤᠸᠠ ᠵᠡᠷᠭᠡ 199 ᠨᠥᠬᠥᠳ᠎ᠲᠦ 《 ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠤᠪᠢ ᠬᠥᠮᠥᠨ 》᠎ᠦ ᠴᠣᠯᠠ ᠣᠯᠭᠣᠵᠠᠢ᠃ ᠬᠤᠷᠠᠯ ᠳᠡᠭᠡᠷ᠎ᠡ᠂ 80 ᠨᠡᠷᠡᠰ ᠲᠡᠷᠢᠭᠦᠨ᠎ᠦ ᠬᠠᠮᠲᠤ ᠪᠣᠯᠣᠨ ᠬᠤᠪᠢ ᠬᠥᠮᠥᠨ᠎ᠦ ᠲᠥᠯᠥᠭᠡᠯᠡᠭᠴᠢ ᠲᠠᠢᠰᠠᠨ᠎ᠳᠤ ᠭᠠᠷᠴᠤ ᠱᠠᠩᠨᠠᠯ ᠲᠤᠰᠴᠤ᠂ 6 ᠨᠡᠷᠡᠰ ᠱᠠᠩᠨᠠᠯ ᠣᠯᠣᠭᠰᠠᠨ ᠲᠥᠯᠥᠭᠡᠯᠡᠭᠴᠢ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃
ᠯᠢ ᠭᠦᠸᠧ ᠶᠢᠩ᠂ ᠶᠡᠷᠦᠩᠬᠡᠢ ᠱᠦᠵᠢ ᠰᠢ᠎ᠶᠢᠨ ᠫᠢᠩ᠎ᠤᠨ ᠵᠢᠯᠣᠭᠣᠳᠤᠯᠭ᠎ᠠ ᠳᠣᠣᠷ᠎ᠠ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠠᠴᠠ ᠨᠠᠭᠠᠰᠢ ᠨᠡᠢᠭᠡᠮ᠎ᠦᠨ ᠡᠯ᠎ᠡ ᠡᠲᠡᠭᠡᠳ᠎ᠦᠨ ᠭᠢᠨ ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠴᠢᠭᠯᠡᠯᠲᠡ᠎ᠶᠢ ᠢᠳᠡᠪᠬᠢᠲᠡᠢ᠎ᠪᠡᠷ ᠦᠢᠯᠡᠳᠦᠯᠭᠡᠵᠢᠭᠦᠯᠵᠦ᠂ ᠤᠰᠤ ᠠᠷᠪᠢᠯᠠᠬᠤ ᠠᠵᠢᠯ᠎ᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠵᠠᠯᠭᠠᠭ᠎ᠠ᠎ᠪᠠᠷ ᠶᠡᠬᠡ ᠳᠡᠭᠲᠡᠷᠢ ᠳᠠᠪᠠᠵᠤ᠂ ᠠᠮᠤ ᠪᠤᠳᠠᠭᠠᠨ᠎ᠤ ᠭᠠᠷᠤᠯᠲᠠ ᠵᠢᠯ ᠳᠠᠷᠠᠭᠠᠯᠠᠨ ᠨᠡᠮᠡᠭᠳᠡᠭᠰᠡᠨ ᠪᠠᠢᠳᠠᠯ ᠳᠣᠣᠷ᠎ᠠ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 《 ᠲᠡᠭ ᠨᠡᠮᠡᠭᠳᠡᠯ 》᠎ᠢ ᠪᠡᠶᠡᠯᠡᠭᠦᠯᠵᠡᠢ᠃ ᠡᠨᠡ ᠤᠳᠠᠭ᠎ᠠ ᠬᠥᠬᠢᠭᠦᠯᠦᠨ ᠰᠠᠢᠰᠢᠶᠠᠭᠳᠠᠭᠰᠠᠨ ᠲᠡᠷᠢᠭᠦᠨ᠎ᠦ ᠬᠠᠮᠲᠤ ᠪᠣᠯᠣᠨ ᠲᠡᠷᠢᠭᠦᠨ᠎ᠦ ᠬᠤᠪᠢ ᠬᠥᠮᠥᠨ ᠪᠣᠯ ᠤᠰᠤ ᠠᠷᠪᠢᠯᠠᠬᠤ ᠠᠵᠢᠯ᠎ᠤᠨ ᠳᠤᠮᠳᠠ ᠴᠣᠯᠭᠣᠷᠠᠨ ᠭᠠᠷᠤᠭᠰᠠᠨ ᠭᠠᠷᠮᠠᠭᠠᠢ ᠲᠥᠯᠥᠭᠡᠯᠡᠭᠴᠢ ᠪᠣᠯᠣᠨ᠎ᠠ ᠭᠡᠵᠦ ᠵᠢᠭᠠᠵᠤ ᠭᠠᠷᠭᠠᠪᠠ᠃
ᠯᠢ ᠭᠦᠸᠧ ᠶᠢᠩ᠂ ᠶᠡᠷᠦᠩᠬᠡᠢ ᠱᠦᠵᠢ ᠰᠢ᠎ᠶᠢᠨ ᠫᠢᠩ᠎ᠤᠨ《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠡᠷᠡᠰ ᠭᠤᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ 《 ᠳᠥᠷᠪᠡᠨ ᠤᠰᠤ᠎ᠪᠠᠷ ᠳᠥᠷᠪᠡᠨ᠎ᠶᠢ ᠲᠣᠭᠲᠠᠭᠠᠬᠤ》 ᠵᠠᠷᠴᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠣᠲᠠ ᠪᠠᠯᠭᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠳᠦᠷᠢᠮ᠎ᠦᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠤᠰᠤ ᠠᠷᠪᠢᠯᠠᠬᠤ ᠮᠡᠷᠭᠡᠵᠢᠯ᠎ᠤᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠤᠨ ᠬᠥᠭᠵᠢᠯᠲᠡ᠎ᠶᠢ ᠶᠡᠬᠡᠪᠡᠷ ᠲᠦᠯᠬᠢᠨ ᠠᠬᠢᠭᠤᠯᠵᠤ᠂ ᠪᠦᠭᠦ ᠠᠷᠠᠳ᠎ᠢᠶᠠᠷ᠎ᠢᠶᠠᠨ ᠤᠰᠤ ᠠᠷᠪᠢᠯᠠᠬᠤ᠎ᠳᠤ ᠣᠷᠤᠯᠴᠠᠬᠤ ᠨᠡᠢᠭᠡᠮ᠎ᠦᠨ ᠬᠡᠪ ᠰᠤᠷᠲᠠᠯ᠎ᠢ ᠪᠤᠢ ᠪᠣᠯᠭᠠᠨ᠂ ᠤᠰᠤᠨ᠎ᠤ ᠡᠬᠢ ᠪᠠᠶᠠᠯᠢᠭ᠋᠎ᠢ ᠡᠷᠴᠢᠮᠯᠢᠭ ᠪᠥᠭᠡᠳ ᠠᠶᠤᠯᠭᠦᠢ᠎ᠪᠡᠷ ᠠᠰᠢᠭ᠍ᠯᠠᠬᠤ ᠬᠢᠷᠢ ᠬᠡᠮᠵᠢᠶ᠎ᠡ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ ᠳ᠋ᠤᠨᠢ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠤᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ᠎ᠤ ᠠᠶᠤᠯᠭᠦᠢ᠎ᠶᠢᠨ ᠬᠦᠴᠦᠲᠡᠢ ᠪᠠᠲᠤᠯᠠᠭ᠎ᠠ᠎ᠶᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃