12 ᠳ᠋ᠤᠭᠠᠷ ᠰᠠᠷ᠎ᠠ᠎ᠶᠢᠨ 25᠎ᠤ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠥᠪᠰᠢᠶᠡᠷᠡᠯ᠎ᠢᠶᠡᠷ᠂ ᠥᠪᠥᠷ ᠮᠣᠩᠭᠣᠯ᠎ᠤᠨ 《 ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ 》 ( DB15/T385 ︱ 2025 )᠎ᠶᠢᠨ ᠣᠷᠣᠨ ᠨᠤᠲᠤᠭ᠎ᠤᠨ ᠪᠠᠷᠢᠮᠵᠢᠶ᠎ᠠ᠎ᠶᠢ ᠵᠢᠩᠬᠢᠨᠢ᠎ᠪᠡᠷ ᠨᠡᠢᠲᠡᠯᠡᠵᠦ᠂ 2026 ᠣᠨ᠎ᠤ 1 ᠳ᠋ᠦ᠍ᠭᠡᠷ ᠰᠠᠷ᠎ᠠ᠎ᠶᠢᠨ 25᠎ᠤ ᠡᠳᠦᠷ᠎ᠡᠴᠡ ᠵᠢᠩᠬᠢᠨᠢ᠎ᠪᠡᠷ ᠬᠡᠷᠡᠭᠵᠢᠭᠦᠯᠬᠦ᠎ᠪᠡᠷ ᠪᠣᠶ᠃
ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠴᠢᠭᠯᠡᠯᠲᠡ᠎ᠶᠢ ᠭᠦᠨᠵᠡᠭᠡᠢ ᠦᠢᠯᠡᠳᠦᠯᠭᠡᠵᠢᠭᠦᠯᠵᠦ᠂ ᠤᠰᠤᠨ᠎ᠤ ᠡᠬᠢ ᠪᠠᠶᠠᠯᠢᠭ᠋᠎ᠢ ᠨᠠᠷᠢᠯᠢᠭ᠋ ᠪᠤᠳᠤᠵᠤ ᠰᠠᠢᠲᠤᠷ ᠬᠡᠷᠡᠭᠯᠡᠨ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠨᠢᠮᠪᠠᠢ ᠬᠠᠮᠢᠶᠠᠷᠬᠤ᠎ᠶᠢᠨ ᠲᠤᠰᠠᠳᠠ᠂ 2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠢ ᠵᠣᠬᠢᠶᠠᠨ ᠪᠠᠢᠭᠤᠯᠵᠤ᠂ ᠮᠠᠨ᠎ᠤ ᠣᠷᠣᠨ᠎ᠤ 《 ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ 》᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠪᠡ᠃ 2020 ᠣᠨ᠎ᠤ ᠬᠡᠪᠯᠡᠯ᠎ᠦᠨ ᠰᠠᠭᠤᠷᠢᠨ ᠳᠡᠭᠡᠷ᠎ᠡ᠂ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠬᠦ᠂ ᠰᠠᠭᠤᠷᠢ ᠮᠠᠲᠧᠷᠢᠶᠠᠯ᠎ᠢ ᠪᠥᠬᠥ ᠲᠠᠯ᠎ᠠ᠎ᠪᠠᠷ ᠴᠤᠭᠯᠠᠭᠤᠯᠬᠤ᠂ ᠭᠦᠨᠵᠡᠭᠡᠢ ᠬᠠᠷᠢᠴᠠᠭᠤᠯᠤᠨ ᠵᠠᠳᠠᠯᠬᠤ ᠪᠠ ᠰᠢᠯᠢᠳᠡᠭᠵᠢᠭᠦᠯᠬᠦ᠎ᠪᠡᠷ ᠳᠠᠮᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ᠎ᠶᠢᠨ ᠵᠢᠷᠤᠮᠵᠢᠯ᠎ᠢ ᠲᠡᠭᠦᠯᠳᠡᠷᠵᠢᠭᠦᠯᠦᠨ ᠨᠠᠷᠢᠯᠢᠭ᠍ᠵᠢᠭᠤᠯᠬᠤ᠎ᠶᠢ ᠪᠡᠶᠡᠯᠡᠭᠦᠯᠪᠡ᠃ ᠡᠭᠦᠨ᠎ᠳᠦ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠶᠢᠨ 2 ᠵᠦᠢᠯ᠎ᠦᠨ ᠦᠢᠯᠡᠳᠬᠦᠨ᠎ᠦ ᠨᠡᠷᠡᠢᠳᠦᠯ᠎ᠳᠦ ᠲᠣᠬᠢᠷᠠᠭᠤᠯᠤᠯᠲᠠ ᠬᠢᠵᠦ᠂ 8 ᠬᠣᠰᠢᠭᠤ ᠰᠢᠶᠠᠨ ᠲᠣᠭᠣᠷᠢᠭ᠋᠎ᠤᠨ ᠲᠠᠷᠢᠶᠠᠯᠠᠩ᠎ᠤᠨ ᠬᠤᠪᠢᠶᠠᠷᠢ ᠲᠣᠭᠣᠷᠢᠭ᠋᠎ᠢ ᠬᠤᠪᠢᠷᠠᠭᠤᠯᠤᠨ᠂ 8 ᠵᠦᠢᠯ᠎ᠦᠨ ᠦᠢᠯᠡᠳᠬᠦᠨ᠂ 61 ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠰᠢᠨ᠎ᠡ᠎ᠪᠡᠷ ᠨᠡᠮᠡᠭᠳᠡᠭᠦᠯᠵᠦ᠂ 7 ᠵᠦᠢᠯ᠎ᠦᠨ ᠦᠢᠯᠡᠳᠬᠦᠨ᠂ 126 ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠥᠭᠡᠷᠡᠴᠢᠯᠡᠵᠦ᠂ 72 ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠬᠠᠰᠤᠪᠠ ; ᠠᠵᠤ ᠦᠢᠯᠡᠳᠪᠦᠷᠢ᠎ᠳᠦ ᠬᠡᠷᠡᠭᠯᠡᠬᠦ ᠤᠰᠤᠨ᠎ᠤ ᠲᠣᠭᠲᠠᠭᠰᠠᠨ ᠨᠤᠷᠮ᠎ᠠ᠎ᠳᠤ 13 ᠵᠦᠢᠯ᠎ᠦᠨ ᠦᠢᠯᠡᠳᠬᠦᠨ᠂ 28 ᠵᠦᠢᠯ᠎ᠦᠨ ᠲᠣᠭᠲᠠᠭᠰᠠᠨ ᠨᠤᠷᠮ᠎ᠠ᠎ᠶᠢᠨ ᠬᠡᠮᠵᠢᠭᠳᠡᠯ᠎ᠢ ᠰᠢᠨ᠎ᠡ᠎ᠪᠡᠷ ᠨᠡᠮᠡᠭᠳᠡᠭᠦᠯᠵᠦ᠂ 88 ᠵᠦᠢᠯ᠎ᠦᠨ ᠦᠢᠯᠡᠳᠬᠦᠨ᠂ 223 ᠲᠣᠭᠲᠠᠭᠰᠠᠨ ᠨᠤᠷᠮ᠎ᠠ᠎ᠶᠢᠨ ᠬᠡᠮᠵᠢᠭᠳᠡᠯ᠎ᠢ ᠥᠭᠡᠷᠡᠴᠢᠯᠡᠪᠡ ; ᠨᠡᠢᠭᠡᠮ᠎ᠦᠨ ᠦᠢᠯᠡᠴᠢᠯᠡᠭᠡᠨ᠎ᠦ ᠦᠢᠯᠡᠰ᠎ᠦᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠳᠤ 11 ᠵᠦᠢᠯ᠎ᠦᠨ ᠦᠢᠯᠡᠳᠬᠦᠨ᠂ 39 ᠵᠦᠢᠯ᠎ᠦᠨ ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠰᠢᠨ᠎ᠡ᠎ᠪᠡᠷ ᠨᠡᠮᠡᠭᠳᠡᠭᠦᠯᠵᠦ᠂ 29 ᠵᠦᠢᠯ᠎ᠦᠨ ᠦᠢᠯᠡᠳᠬᠦᠨ᠂ 42 ᠵᠦᠢᠯ᠎ᠦᠨ ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠥᠭᠡᠷᠡᠴᠢᠯᠡᠵᠦ᠂ 2 ᠵᠦᠢᠯ᠎ᠦᠨ ᠦᠢᠯᠡᠳᠬᠦᠨ᠂ 2 ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠬᠠᠰᠤᠪᠠ᠃
ᠲᠤᠰ ᠤᠳᠠᠭ᠎ᠠ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠶᠢᠨ ᠰᠢᠰᠲᠧᠮ ᠨᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ ᠪᠣᠯᠵᠤ᠂ 17 ᠲᠥᠷᠥᠯ᠂ 61 ᠶᠡᠬᠡ ᠲᠥᠷᠥᠯ᠂ 168 ᠳᠤᠮᠳᠠ ᠲᠥᠷᠥᠯ᠂ 282 ᠪᠠᠭ᠎ᠠ ᠲᠥᠷᠥᠯ᠂ 640 ᠲᠥᠷᠥᠯ᠎ᠦᠨ ᠦᠢᠯᠡᠳᠬᠦᠨ᠂ 1922 ᠤᠰᠤ ᠬᠡᠷᠡᠭᠯᠡᠬᠦ ᠨᠣᠷᠮ᠎ᠠ᠎ᠶᠢ ᠬᠠᠮᠤᠷᠴᠠᠢ᠃ 2020 ᠣᠨ᠎ᠤ ᠬᠡᠪᠯᠡᠯ᠎ᠦᠨ ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠠᠴᠠ 40 ᠵᠦᠢᠯ᠎ᠦᠨ ᠦᠢᠯᠡᠳᠬᠦᠨ᠎ᠦ ᠲᠣᠭᠲᠠᠭᠰᠠᠨ ᠨᠣᠷᠮ᠎ᠠ᠎ᠶᠢᠨ ᠬᠡᠮᠵᠢᠭᠳᠡᠯ᠎ᠢ ᠨᠡᠮᠡᠭᠳᠡᠭᠦᠯᠵᠦ᠂ ᠢᠯᠠᠩᠭᠤᠶ᠎ᠠ ᠪᠦᠬᠦ ᠣᠷᠣᠨ᠎ᠤ ᠤᠰᠤ ᠬᠡᠷᠡᠭᠯᠡᠬᠦ ᠣᠨᠴᠠᠯᠢᠭ᠋᠂ ᠠᠵᠤ ᠦᠢᠯᠡᠰ᠎ᠦᠨ ᠪᠠᠢᠷᠢᠰᠢᠯ ᠵᠡᠷᠭᠡ᠎ᠲᠠᠢ ᠤᠶᠠᠯᠳᠤᠭᠤᠯᠤᠨ᠂ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ᠂ ᠦᠵᠦᠮ ᠳᠠᠷᠢᠬᠤ᠂ ᠼᠧᠮᠧᠨ᠋ᠲ ᠦᠢᠯᠡᠳᠬᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋᠎ᠦᠨ ᠪᠦᠲᠦᠭᠡᠭᠳᠡᠬᠦᠨ ᠦᠢᠯᠡᠳᠬᠦ᠂ ᠪᠦᠷᠢᠨ ᠪᠠᠷᠠᠭ᠎ᠠ᠎ᠶᠢ ᠵᠢᠵᠢᠭᠯᠡᠨ ᠬᠤᠳᠠᠯᠳᠤᠬᠤ ᠵᠡᠷᠭᠡ ᠤᠰᠤ ᠬᠡᠷᠡᠭᠯᠡᠬᠦ ᠨᠣᠷᠮ᠎ᠠ᠎ᠶᠢ ᠨᠠᠷᠢᠯᠢᠭ᠍ᠵᠢᠭᠤᠯᠵᠤ᠂ ᠡᠭᠦᠨ᠎ᠦ ᠬᠠᠮᠲᠤ ᠬᠠᠭᠤᠷᠠᠢ᠎ᠪᠠᠷ ᠳᠠᠷᠢᠬᠤ ᠤᠰᠤᠨ ᠲᠤᠲᠤᠷᠭ᠎ᠠ᠂ ᠮᠧᠲ᠋ᠢᠯ ᠠᠯᠺᠣᠣᠯ᠎ᠢᠶᠠᠷ ᠠᠯᠺᠸᠨ ᠦᠢᠯᠡᠳᠬᠦ᠂ ᠲᠣᠭ᠎ᠠ ᠪᠠᠷᠢᠮᠲᠠ᠎ᠶᠢᠨ ᠲᠥᠪ ᠵᠡᠷᠭᠡ ᠤᠯᠤᠰ᠎ᠠᠴᠠ ᠲᠦᠷ ᠲᠣᠭᠲᠠᠭᠠᠭᠠᠳᠤᠢ ᠠᠵᠢᠯ ᠲᠥᠷᠥᠯ᠎ᠦᠨ ᠤᠰᠤ ᠬᠡᠷᠡᠭᠯᠡᠬᠦ ᠨᠣᠷᠮ᠎ᠠ᠎ᠶᠢ ᠰᠢᠨ᠎ᠡ᠎ᠪᠡᠷ ᠨᠡᠮᠡᠭᠳᠡᠭᠦᠯᠵᠦ᠂ ᠪᠥᠬᠥ ᠣᠷᠣᠨ᠎ᠤ ᠤᠰᠤ ᠲᠠᠲᠠᠬᠤ ᠵᠥᠪᠰᠢᠶᠡᠷᠡᠯ᠎ᠦᠨ ᠬᠠᠮᠢᠶᠠᠷᠤᠯᠲᠠ᠂ ᠲᠥᠯᠥᠪᠯᠡᠭᠡ᠎ᠲᠠᠢ᠎ᠪᠡᠷ ᠤᠰᠤ ᠬᠡᠷᠡᠭᠯᠡᠬᠦ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠥᠭᠡᠷᠡᠴᠢᠯᠡᠯᠲᠡ᠂ ᠤᠰᠤ ᠠᠷᠪᠢᠯᠠᠬᠤ᠎ᠶᠢ ᠦᠨᠡᠯᠡᠬᠦ᠂ ᠤᠰᠤᠨ᠎ᠤ ᠡᠬᠢ ᠪᠠᠶᠠᠯᠢᠭ᠋᠎ᠢ ᠨᠤᠲᠠᠯᠠᠬᠤ ᠵᠡᠷᠭᠡ ᠠᠵᠢᠯ᠎ᠳᠤ ᠨᠠᠩ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠠᠢ᠃