ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠴᠢᠨᠠᠷ ᠰᠠᠢᠲᠠᠢ ᠬᠥᠭᠵᠢᠯᠲᠡ᠎ᠶᠢᠨ ᠦᠷ᠎ᠡ ᠪᠦᠲᠦᠮᠵᠢ᠎ᠶᠢ ᠳᠠᠬᠢᠨᠲᠠ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2026-01-12

      ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠬᠣᠲᠠ ᠬᠥᠳᠡᠭᠡ᠎ᠶᠢᠨ ᠤᠰᠤ ᠬᠠᠩᠭᠠᠬᠤ 《 ᠠᠳᠠᠯᠢ ᠢᠷᠡᠯᠲᠡ᠎ᠲᠠᠢ᠂ ᠠᠳᠠᠯᠢ ᠲᠣᠣᠷ᠎ᠲᠠᠢ᠂ ᠠᠳᠠᠯᠢ ᠴᠢᠨᠠᠷ ᠴᠢᠨᠰᠠᠭ᠎ᠠ᠎ᠲᠠᠢ᠂ ᠠᠳᠠᠯᠢ ᠦᠨ᠎ᠡ ᠬᠠᠩᠰᠢ᠎ᠲᠠᠢ᠂ ᠠᠳᠠᠯᠢ ᠦᠢᠯᠡᠴᠢᠯᠡᠭᠡ᠎ᠲᠠᠢ᠂ ᠠᠳᠠᠯᠢ ᠬᠢᠨᠠᠨ ᠬᠠᠮᠢᠶᠠᠷᠬᠤ 》 ᠬᠠᠷᠠᠯᠲᠠ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠪᠠ᠃ 2025 ᠣᠨ᠎ᠳᠤ᠂ ᠬᠢᠯᠢ ᠬᠢᠵᠠᠭᠠᠷ᠂ ᠥᠨᠳᠥᠷ ᠬᠦᠢᠲᠡᠨ᠂ ᠤᠰᠤ ᠳᠤᠲᠠᠭᠳᠠᠬᠤ ᠵᠡᠷᠭᠡ ᠤᠰᠤᠨ᠎ᠤ ᠬᠠᠩᠭᠠᠯᠭ᠎ᠠ ᠪᠠᠭᠤᠷᠠᠢ ᠣᠷᠣᠨ ᠪᠦᠰᠡ᠎ᠳᠦ ᠭᠣᠣᠯᠳᠠᠯᠭ᠎ᠠ᠎ᠲᠠᠢ ᠲᠥᠪᠯᠡᠷᠡᠭᠦᠯᠵᠦ᠂ ᠨᠡᠶ᠋ᠢᠲᠡ 5.1 ᠳ᠋ᠦᠩᠰᠢᠭᠤᠷ ᠲᠥᠭᠥᠷᠢᠭ ᠣᠷᠣᠭᠤᠯᠵᠤ᠂ 860 ᠭᠠᠴᠠᠭ᠎ᠠ ᠲᠣᠰᠬᠣᠨ᠎ᠤ ᠤᠰᠤᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠴᠢᠳᠠᠪᠤᠷᠢ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠦᠨ᠂ 53.9 ᠲᠦᠮᠡᠨ ᠬᠥᠮᠥᠨ᠎ᠳᠦ ᠠᠰᠢᠭ᠋ ᠬᠦᠷᠲᠡᠭᠡᠪᠡ᠃
      ᠭᠠᠵᠠᠷ ᠠᠭᠤᠳᠠᠮ ᠬᠥᠮᠥᠨ ᠴᠥᠭᠡᠨ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠦᠨ ᠴᠡᠭ᠎ᠦᠨ ᠣᠯᠠᠨ ᠲᠠᠯ᠎ᠠ ᠥᠷᠭᠡᠨ ᠪᠠ ᠡᠪᠦᠯ᠎ᠦᠨ ᠤᠯᠠᠷᠢᠯ᠎ᠤᠨ ᠲᠤᠢᠯ᠎ᠤᠨ ᠬᠦᠢᠲᠡᠨ ᠵᠡᠷᠭᠡ ᠪᠠᠢᠳᠠᠯ᠎ᠳᠤ ᠰᠠᠭᠤᠷᠢᠯᠠᠨ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠤᠷᠢᠳ ᠬᠣᠵᠢᠳ 《 ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠴᠢᠨᠠᠷ ᠰᠠᠢᠲᠠᠢ ᠬᠥᠭᠵᠢᠯᠲᠡ᠎ᠶᠢᠨ ᠲᠥᠯᠦᠪᠵᠢᠭᠦᠯᠭᠡ 》 《 ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠤᠰᠤᠨ᠎ᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠎ᠶᠢᠨ ᠲᠥᠰᠥᠯ ( 2023 ︱ 2025 ᠣᠨ ) 》 《 ᠬᠢᠯᠢ ᠬᠢᠵᠠᠭᠠᠷ ᠣᠷᠣᠨ᠎ᠤ 〈 ᠤᠰᠤ ᠴᠠᠬᠢᠯᠭᠠᠨ ᠵᠠᠮ ᠴᠢᠮᠡᠭᠡ ᠬᠣᠯᠪᠣᠭᠠᠨ 〉᠎ᠤ ᠰᠠᠭᠤᠷᠢ ᠲᠥᠬᠦᠭᠡᠷᠦᠮᠵᠢ᠎ᠶᠢ ᠨᠢᠭᠡ ᠴᠣᠭᠴᠠᠵᠢᠭᠤᠯᠤᠨ ᠪᠦᠲᠦᠭᠡᠨ ᠪᠠᠶ᠋ᠢᠭᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢᠨ ᠲᠥᠰᠥᠯ 》᠎ᠢ ᠨᠡᠢᠲᠡᠯᠡᠪᠡ᠃ 《 3+1 》᠎ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠵᠠᠭᠪᠤᠷ᠎ᠢ ᠶᠡᠬᠡ᠎ᠪᠡᠷ ᠬᠡᠷᠡᠭᠵᠢᠭᠦᠯᠵᠦ᠂ ᠤᠰᠤᠨ᠎ᠤ ᠬᠡᠮᠵᠢᠶ᠎ᠡ᠂ ᠤᠰᠤᠨ᠎ᠤ ᠴᠢᠨᠠᠷ᠂ ᠤᠰᠤ ᠬᠡᠷᠡᠭᠯᠡᠬᠦ᠎ᠳᠦ ᠲᠥᠬᠥᠮ ᠦᠵᠡᠭᠦᠯᠬᠦ ᠬᠡᠮᠵᠢᠶ᠎ᠡ᠂ ᠤᠰᠤ ᠬᠠᠩᠭᠠᠬᠤ᠎ᠶᠢ ᠪᠠᠲᠤᠯᠠᠬᠤ ᠨᠣᠷᠮ᠎ᠠ ᠵᠡᠷᠭᠡ ᠲᠠᠯ᠎ᠠ᠎ᠪᠠᠷ ᠤᠰᠤ ᠬᠠᠩᠭᠠᠬᠤ᠎ᠶᠢ ᠪᠠᠲᠤᠯᠠᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃
      ᠲᠠᠪᠤᠨ ᠵᠢᠯ᠎ᠦᠨ ᠬᠤᠭᠤᠴᠠᠭᠠᠨ᠎ᠳᠤ᠂ ᠪᠥᠬᠥ ᠣᠷᠣᠨ᠎ᠳᠤ ᠨᠡᠶ᠋ᠢᠲᠡ 34.65 ᠳ᠋ᠦᠩᠰᠢᠭᠤᠷ ᠲᠥᠭᠥᠷᠢᠭ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠎ᠳᠤ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ ᠪᠠ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ᠎ᠦᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠬᠥᠮᠥᠨ ᠠᠮᠠ᠎ᠶᠢ ᠬᠠᠮᠤᠷᠤᠭᠰᠠᠨ ᠬᠠᠷᠢᠴᠠᠯ ᠲᠣᠰ ᠲᠣᠰ 85.1% ᠪᠠ 27.69% ᠬᠦᠷᠴᠦ᠂ 《 13·5 》᠎ᠶᠢᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠬᠢ᠎ᠡᠴᠡ ᠲᠣᠰ ᠲᠣᠰ 8.1 ᠪᠠ 5.6 ᠵᠠᠭᠤᠨ᠎ᠤ ᠨᠢᠭᠡᠴᠢ ᠳᠡᠭᠡᠭᠰᠢᠯᠡᠵᠦ᠂ ᠴᠥᠮ 《 14 · 5 》᠎ᠶᠢᠨ ᠲᠥᠯᠦᠪᠵᠢᠭᠦᠯᠭᠡ᠎ᠶᠢᠨ ᠬᠠᠷᠠᠯᠲᠠ᠎ᠠᠴᠠ 3 ᠵᠠᠭᠤᠨ᠎ᠤ ᠨᠢᠭᠡᠴᠢ ᠳᠠᠪᠠᠭᠰᠠᠨ ᠪᠠᠢᠨ᠎ᠠ᠃
      ᠮᠠᠯᠴᠢᠨ ᠲᠠᠷᠢᠶᠠᠴᠢᠨ ᠲᠦᠮᠡᠨ᠎ᠦ 《 ᠤᠤᠭᠤᠬᠤ ᠤᠰᠤ᠎ᠲᠠᠢ 》 ᠪᠠᠢᠭᠰᠠᠨ᠎ᠠᠴᠠ 《 ᠰᠠᠢᠨ ᠤᠰᠤ ᠤᠤᠭᠤᠬᠤ 》 ᠪᠣᠯᠭᠠᠨ ᠬᠤᠪᠢᠷᠠᠭᠤᠯᠬᠤ᠎ᠶᠢ ᠬᠦᠴᠦᠯᠡᠨ ᠪᠡᠶᠡᠯᠡᠭᠦᠯᠬᠦ᠎ᠶᠢᠨ ᠲᠥᠯᠥᠭᠡ᠂ ᠥᠪᠥᠷ ᠮᠣᠩᠭᠣᠯ ᠣᠳᠣᠬᠠᠨ᠎ᠳᠤ ᠨᠢᠭᠡᠨᠲᠡ 63.8%᠎ᠶᠢᠨ ᠰᠢᠶᠠᠨ᠎ᠤ ᠬᠡᠪᠴᠢᠶᠡᠨ᠎ᠳᠦ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠬᠠᠩᠭᠠᠯᠭ᠎ᠠ᠎ᠶᠢ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠬᠢᠨᠠᠨ ᠬᠡᠮᠵᠢᠬᠦ᠂ ᠨᠢᠭᠡᠳᠦᠯᠲᠡᠢ ᠠᠵᠢᠯᠯᠠᠭᠤᠯᠵᠤ ᠠᠷᠠᠴᠢᠯᠠᠬᠤ᠂ ᠨᠢᠭᠡᠳᠦᠯᠲᠡᠢ ᠦᠢᠯᠡᠴᠢᠯᠡᠬᠦ᠎ᠶᠢ ᠦᠨᠳᠦᠰᠦᠨ᠎ᠳᠡᠭᠡᠨ ᠪᠡᠶᠡᠯᠡᠭᠦᠯᠪᠡ᠃ ᠡᠭᠦᠨ᠎ᠦ ᠬᠠᠮᠲᠤ᠂ ᠭᠠᠩ ᠬᠠᠭᠰᠠᠷᠠᠭᠠᠨ᠎ᠲᠠᠢ ᠲᠡᠮᠡᠴᠡᠵᠦ ᠬᠠᠩᠭᠠᠯᠭ᠎ᠠ᠎ᠶᠢ ᠪᠠᠲᠤᠯᠠᠬᠤ᠂ ᠡᠪᠦᠯ᠎ᠦᠨ ᠤᠯᠠᠷᠢᠯ᠎ᠤᠨ ᠬᠥᠯᠳᠡᠬᠦ᠎ᠡᠴᠡ ᠰᠡᠷᠭᠡᠢᠯᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠦᠷᠭᠦᠯᠵᠢᠯᠡᠨ ᠴᠢᠩᠭ᠎ᠠ ᠠᠩᠬᠠᠷᠴᠤ᠂ ᠬᠥᠳᠡᠯᠦᠩᠭᠦᠢ ᠬᠢᠨᠠᠨ ᠬᠡᠮᠵᠢᠯᠲᠡ᠎ᠶᠢ ᠴᠢᠩᠭᠠᠳᠬᠠᠵᠤ᠂ ᠲᠠᠪᠤᠨ ᠵᠢᠯ᠎ᠦᠨ ᠲᠤᠷᠰᠢ ᠨᠡᠶ᠋ᠢᠲᠡ 2879 ᠤᠤᠭᠤᠬᠤ ᠤᠰᠤᠨ᠎ᠤ ᠠᠮᠤᠷ ᠲᠦᠪᠰᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ ᠬᠥᠳᠡᠯᠦᠩᠭᠦᠢ᠎ᠪᠡᠷ ᠴᠡᠪᠡᠷᠯᠡᠬᠦ᠎ᠶᠢ ᠪᠡᠶᠡᠯᠡᠭᠦᠯᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            