ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠪᠣᠯᠣᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ 2025 ᠣᠨ᠎ᠤ ᠬᠣᠶᠠᠳᠤᠭᠠᠷ ᠤᠳᠠᠭ᠎ᠠ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠰᠬᠠᠢ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-12

      12 ᠰᠠᠷ᠎ᠠ᠎ᠶᠢᠨ 23᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠪᠣᠯᠣᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠤᠰᠤᠨ ᠠᠰᠢᠭ᠍ᠯᠠᠯᠲᠠ᠎ᠶᠢᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ 2025 ᠣᠨ᠎ᠤ ᠬᠣᠶᠠᠳᠤᠭᠠᠷ ᠤᠳᠠᠭ᠎ᠠ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠰᠬᠠᠢ ᠰᠡᠳᠦᠪᠲᠦ ᠵᠥᠪᠳᠡᠯᠴᠡᠬᠦ ᠬᠤᠷᠠᠯ᠎ᠢ ᠬᠤᠷᠠᠯᠳᠤᠭᠤᠯᠪᠠ᠃ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠮᠤᠨ᠎ᠤ ᠬᠠᠷᠢᠶ᠎ᠠ ᠰᠢᠰᠲᠧᠮ᠎ᠦᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠠᠢᠳᠠᠯ᠎ᠢ ᠵᠠᠳᠠᠯᠤᠨ ᠰᠤᠳᠤᠯᠤᠨ ᠮᠠᠭᠠᠳᠯᠠᠵᠤ᠂ ᠲᠠᠷᠠᠭᠠᠴᠢ᠎ᠶᠢᠨ ᠠᠯᠬᠤᠮ᠎ᠤᠨ ᠠᠵᠢᠯ᠎ᠢᠶᠠᠨ ᠰᠤᠳᠤᠯᠤᠨ ᠪᠠᠢᠷᠢᠯᠠᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠬᠤᠷᠠᠯ᠎ᠢ ᠡᠷᠭᠢᠯᠡᠪᠡ᠃
      ᠬᠤᠷᠠᠯ ᠳᠡᠭᠡᠷ᠎ᠡ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠠᠴᠠ 2025 ᠣᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠂ 2025 ᠣᠨ᠎ᠤ ᠠᠩᠬᠠᠳᠤᠭᠠᠷ ᠤᠳᠠᠭ᠎ᠠ᠎ᠶᠢᠨ ᠵᠥᠪᠳᠡᠯᠴᠡᠬᠦ ᠬᠤᠷᠠᠯ᠎ᠤᠨ ᠵᠥᠪᠯᠡᠨ ᠲᠣᠭᠲᠠᠭᠠᠭᠰᠠᠨ ᠵᠦᠢᠯᠡᠰ᠎ᠢ ᠨᠠᠢᠳᠠᠪᠤᠷᠢᠵᠢᠭᠤᠯᠤᠭᠰᠠᠨ ᠪᠠᠢᠳᠠᠯ᠎ᠢ ᠨᠡᠢᠲᠡᠯᠡᠵᠡᠢ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ 2025 ᠣᠨ᠎ᠳᠤ ᠥᠷᠨᠢᠭᠦᠯᠦᠭᠰᠡᠨ ᠬᠢᠨᠠᠯᠲᠠ ᠲᠠᠯᠪᠢᠬᠤ ᠠᠵᠢᠯ᠎ᠤᠨ ᠪᠠᠢᠳᠠᠯ᠎ᠢ ᠵᠠᠷᠯᠠᠨ ᠮᠡᠳᠡᠭᠳᠡᠵᠦ᠂ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠣᠷᠳᠣ᠌ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠨᠠᠷ 《 ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ 》 ᠶ᠋ᠢ ᠭᠦᠢᠴᠡᠳᠬᠡᠬᠦ᠎ᠲᠠᠢ ᠤᠶᠠᠯᠳᠤᠭᠤᠯᠤᠨ᠂ ᠲᠠᠷᠠᠭᠠᠴᠢ᠎ᠶᠢᠨ ᠠᠯᠬᠤᠮ᠎ᠤᠨ ᠠᠵᠢᠯ᠎ᠤᠨ ᠲᠥᠯᠥᠪᠯᠡᠭᠡ᠎ᠪᠡᠨ ᠳᠤᠷᠠᠳᠤᠨ ᠭᠠᠷᠭᠠᠪᠠ᠃
      ᠯᠢ ᠭᠦᠸᠧ ᠶᠢᠩ᠂ ᠶᠠᠮᠤᠨ᠎ᠤ ᠬᠠᠷᠢᠶ᠎ᠠ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠤᠨᠤᠯ᠎ᠤᠨ ᠰᠢᠨ᠎ᠡ᠎ᠶᠢ ᠡᠭᠦᠳᠬᠦ᠎ᠪᠡᠷ ᠨᠠᠮᠴᠢ ᠴᠢᠨᠠᠷ᠎ᠢ ᠬᠥᠮᠥᠵᠢᠭᠦᠯᠵᠦ᠂ ᠤᠯᠤᠰ ᠲᠦᠷᠦ᠎ᠶᠢᠨ ᠪᠣᠯᠪᠠᠰᠤᠷᠠᠯ᠎ᠢ ᠴᠢᠩᠭᠠᠳᠬᠠᠬᠤ᠎ᠪᠠᠷ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠪᠠᠢᠩᠭᠤ᠎ᠶᠢᠨ ᠴᠢᠨᠠᠷᠲᠠᠢ ᠪᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ᠎ᠶᠢᠨ ᠬᠥᠮᠦᠵᠢᠯ᠎ᠢ ᠤᠶᠠᠯᠳᠤᠭᠤᠯᠬᠤ᠎ᠶᠢ ᠪᠠᠷᠢᠮᠲᠠᠯᠠᠵᠤ᠂ ᠪᠤᠰᠤᠴᠢᠷ ᠬᠠᠤᠯᠢ᠎ᠶᠢ ᠦᠨᠡᠨ ᠬᠦ᠌ ᠥᠪᠡᠷ᠎ᠢ᠎ᠪᠡᠨ ᠱᠠᠭᠠᠷᠳᠠᠬᠤ᠂ ᠳᠣᠲᠣᠭᠠᠳᠤ᠎ᠳᠠᠭᠠᠨ ᠡᠳᠦᠷ ᠲᠤᠳᠤᠮ᠎ᠤᠨ ᠬᠡᠷᠡᠭᠴᠡᠭᠡ᠎ᠲᠠᠢ ᠪᠣᠯᠪᠠᠴᠤ ᠦᠯᠤ ᠮᠡᠳᠡᠭᠳᠡᠬᠦ ᠦᠭᠡ ᠶᠠᠷᠢᠶ᠎ᠠ ᠦᠢᠯᠡ ᠠᠵᠢᠯᠯᠠᠭ᠎ᠠ᠎ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠥᠪᠡᠷ ᠪᠡᠶ᠎ᠡ᠎ᠶᠢᠨ ᠬᠤᠪᠢᠰᠬᠠᠯ ᠬᠢᠬᠦ᠎ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠰᠤᠷᠭᠠᠨ ᠬᠥᠮᠦᠵᠢᠯ᠂ ᠬᠠᠮᠢᠶᠠᠷᠤᠯᠲᠠ᠂ ᠬᠢᠨᠠᠯᠲᠠ᠎ᠶᠢᠨ ᠤᠯᠠᠨ ᠲᠠᠯ᠎ᠠ᠎ᠶᠢ ᠬᠠᠮᠤᠷᠤᠭᠰᠠᠨ ᠳᠦᠷᠢᠮ᠎ᠦᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠳᠦᠷᠢᠮ᠎ᠦᠨ ᠰᠢᠰᠲᠧᠮ᠎ᠦᠨ ᠬᠠᠮᠵᠢᠯᠴᠠᠭ᠎ᠠ᠎ᠶᠢ ᠴᠢᠬᠤᠯᠠᠴᠢᠯᠠᠵᠤ᠂ ᠳᠦᠷᠢᠮ᠎ᠦᠨ ᠬᠡᠷᠡᠭᠵᠢᠭᠦᠯᠦᠯᠲᠡ᠎ᠶᠢ ᠴᠢᠩᠭ᠎ᠠ ᠵᠢᠷᠤᠮᠵᠢᠭᠤᠯᠵᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ᠎ᠶᠢ ᠪᠦᠲᠦᠮᠵᠢᠲᠡᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠭᠣᠣᠯᠳᠠᠯᠭ᠎ᠠ᠎ᠲᠠᠢ ᠬᠦᠷᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠰᠠᠭᠤᠳᠠᠯ᠎ᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠭᠣᠣᠯᠳᠠᠯᠭ᠎ᠠ᠎ᠲᠠᠢ ᠡᠲᠡᠭᠡᠳ᠎ᠲᠦ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠡᠯ᠎ᠡ ᠲᠦᠷᠦᠯ᠎ᠦᠨ ᠬᠢᠨᠠᠯᠲᠠ᠎ᠶᠢ ᠨᠡᠪᠲᠡᠷᠡᠭᠦᠯᠦᠨ ᠵᠣᠬᠢᠴᠠᠭᠤᠯᠬᠤ᠎ᠶᠢ ᠠᠬᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠤᠯᠠᠮ ᠨᠠᠷᠢᠨ ᠨᠠᠢᠳᠠᠪᠤᠷᠢᠵᠢᠭᠤᠯᠵᠤ᠂ ᠢᠯᠵᠢᠷᠠᠬᠤ ᠵᠣᠷᠢᠭ᠋ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            