ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢ ᠰᠤᠷᠤᠯᠴᠠᠵᠠᠢ
ᠨᠡᠶ᠋ᠢᠲᠡᠯᠡᠭᠰᠡᠨ ᠴᠠᠭ᠄ 2026-01-12

      12 ᠰᠠᠷ᠎ᠠ᠎ᠶᠢᠨ 25᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢᠨ ᠲᠣᠭᠣᠷᠢᠨ᠎ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠰᠤᠷᠤᠯᠴᠠᠯᠭ᠎ᠠ᠎ᠳᠤ ᠣᠷᠣᠯᠴᠠᠪᠠ᠃
      ᠬᠤᠷᠠᠯ᠎ᠠᠴᠠ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠦᠨ ᠬᠠᠤᠯᠢᠵᠢᠯ᠎ᠤᠨ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠬᠠᠤᠯᠢᠵᠢᠯ᠎ᠤᠨ ᠤᠨᠤᠯ᠎ᠤᠨ ᠴᠢᠬᠤᠯᠠ ᠶᠡᠬᠡ ᠰᠢᠨ᠎ᠡ᠎ᠶᠢ ᠡᠭᠦᠳᠬᠦ ᠬᠥᠭᠵᠢᠯᠲᠡ ᠮᠥᠨ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠮᠥᠨ᠃ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠪᠦᠬᠦ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶᠢᠨ ᠤᠯᠤᠰ ᠲᠥᠷᠥ᠎ᠶᠢᠨ ᠴᠢᠭᠯᠡᠯ᠂ ᠴᠢᠬᠤᠯᠠ ᠪᠠᠢᠷᠢ ᠰᠠᠭᠤᠷᠢ᠂ ᠠᠵᠢᠯ᠎ᠤᠨ ᠪᠠᠢᠷᠢᠯᠠᠭᠤᠯᠤᠯᠲᠠ᠂ ᠭᠣᠣᠯᠳᠠᠯᠭ᠎ᠠ᠎ᠲᠠᠢ ᠡᠭᠦᠷᠭᠡ᠂ ᠴᠢᠬᠤᠯᠠ ᠶᠡᠬᠡ ᠬᠠᠷᠢᠴᠠᠭ᠎ᠠ ᠪᠠ ᠴᠢᠬᠤᠯᠠ ᠪᠠᠲᠤᠯᠠᠭ᠎ᠠ᠎ᠶᠢ ᠭᠦᠨᠵᠡᠭᠡᠢ ᠣᠢᠯᠠᠭᠠᠵᠤ᠂ 《 ᠬᠣᠶᠠᠷ᠎ᠢ ᠲᠣᠭᠲᠠᠭᠠᠬᠤ 》 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠴᠢᠨᠠᠭᠰᠢᠳᠠ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢ ᠴᠢᠩᠭᠠᠳᠬᠠᠵᠤ᠂ 《 ᠲᠦᠷᠪᠡᠨ ᠢᠲᠡᠭᠡᠯ 》᠎ᠢ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠂ ᠢᠮᠠᠭᠲᠠ ᠬᠠᠤᠯᠢᠵᠢᠯ᠎ᠤᠨ ᠵᠠᠮ᠎ᠢᠶᠠᠷ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠵᠤ᠂ ᠤᠰᠤᠨ ᠠᠰᠢᠭ᠍ᠯᠠᠯᠲᠠ᠎ᠶᠢᠨ ᠬᠠᠤᠯᠢᠵᠢᠯ᠎ᠤᠨ ᠪᠠᠢᠭᠤᠯᠤᠯᠲᠠ᠎ᠶᠢ ᠢᠮᠠᠭᠲᠠ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠤᠷᠤᠭᠰᠢᠯᠠᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ 《 ᠰᠢ᠎ᠶᠢᠨ ᠫᠢᠩ᠎ᠤᠨ ᠬᠠᠤᠯᠢᠵᠢᠯ᠎ᠤᠨ ᠵᠣᠬᠢᠶᠠᠯ᠎ᠤᠨ ᠲᠡᠭᠦᠪᠦᠷᠢ 》 ( ᠨᠢᠭᠡᠳᠦᠭᠡᠷ ᠪᠣᠳᠢ )᠂ 《 ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢᠨ ᠰᠤᠷᠤᠯᠴᠠᠯᠭ᠎ᠠ᠎ᠶᠢᠨ ᠬᠥᠲᠥᠯᠪᠦᠷᠢ ( 2025 ᠣᠨ᠎ᠤ ᠬᠡᠪᠯᠡᠯ ) 》 ᠵᠡᠷᠭᠡ ᠡᠷᠬᠡ ᠰᠦᠷᠲᠦ ᠤᠩᠰᠢᠬᠤ ᠪᠢᠴᠢᠭ᠎ᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠡᠭᠦᠨ᠎ᠳᠦ ᠲᠤᠭᠤᠰᠢᠯᠠᠭᠳᠠᠵᠤ ᠪᠠᠢᠭ᠎ᠠ ᠵᠣᠭᠰᠣᠯᠲᠠ ᠦᠵᠡᠯᠲᠡ ᠠᠷᠭ᠎ᠠ᠂ ᠶᠣᠰᠣ᠌ ᠵᠦᠢ ᠭᠦᠨ ᠤᠬᠠᠭᠠᠨ᠎ᠢ ᠰᠠᠢᠲᠤᠷ ᠰᠤᠷᠤᠯᠴᠠᠨ ᠰᠠᠢᠲᠤᠷ ᠬᠡᠷᠡᠭᠯᠡᠵᠦ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭᠠᠨ᠎ᠤ ᠤᠯᠤᠰ ᠲᠦᠷᠦ᠎ᠶᠢᠨ ᠮᠡᠳᠡᠷᠡᠮᠵᠢ᠂ ᠦᠵᠡᠯ ᠰᠠᠨᠠᠭᠠᠨ᠎ᠤ ᠮᠡᠳᠡᠷᠡᠮᠵᠢ᠂ ᠤᠨᠤᠯ᠎ᠤᠨ ᠮᠡᠳᠡᠷᠡᠮᠵᠢ᠂ ᠬᠠᠢᠷ᠎ᠠ ᠰᠡᠳᠬᠢᠯᠭᠡ᠎ᠶᠢᠨ ᠮᠡᠳᠡᠷᠡᠮᠵᠢ᠎ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠠᠴᠠ ᠤᠰᠤᠨ ᠠᠰᠢᠭ᠍ᠯᠠᠯᠲᠠ᠎ᠳᠤ ᠣᠯᠭᠣᠭᠰᠠᠨ ᠡᠭᠦᠷᠭᠡ ᠬᠠᠷᠢᠭᠤᠴᠠᠯᠭ᠎ᠠ᠎ᠶᠢᠨ ᠲᠣᠭᠣᠷᠢᠨ᠎ᠳᠤ ᠨᠠᠮ᠎ᠤᠨ ᠲᠥᠪ ᠬᠣᠷᠢᠶᠠᠨ᠎ᠤ ᠬᠠᠤᠯᠢ᠎ᠪᠠᠷ ᠵᠠᠰᠠᠬᠤ ᠬᠦᠷᠢᠶᠡᠨ᠎ᠳᠡᠬᠢ ᠴᠢᠬᠤᠯᠠ ᠶᠡᠬᠡ ᠪᠠᠢᠷᠢᠯᠠᠭᠤᠯᠤᠯᠲᠠ᠂ ᠴᠢᠬᠤᠯᠠ ᠡᠭᠦᠷᠭᠡ᠂ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠤᠰᠤᠨ ᠠᠰᠢᠭ᠍ᠯᠠᠯᠲᠠ᠎ᠶᠢᠨ ᠬᠠᠤᠯᠢ᠎ᠪᠠᠷ ᠵᠠᠰᠠᠬᠤ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠷᠢᠨ ᠲᠡᠭᠦᠯᠳᠡᠷ ᠤᠰᠤᠨ ᠠᠰᠢᠭ᠍ᠯᠠᠯᠲᠠ᠎ᠶᠢᠨ ᠬᠠᠤᠯᠢ ᠴᠠᠭᠠᠵᠠ᠎ᠶᠢᠨ ᠵᠢᠷᠤᠮᠵᠢᠯ᠎ᠤᠨ ᠰᠢᠰᠲᠧᠮ᠂ ᠥᠨᠳᠥᠷ ᠪᠦᠲᠦᠮᠵᠢᠲᠡᠶ ᠤᠰᠤᠨ ᠠᠰᠢᠭ᠍ᠯᠠᠯᠲᠠ᠎ᠶᠢᠨ ᠬᠠᠤᠯᠢ᠎ᠪᠠᠷ ᠵᠠᠰᠠᠬᠤ᠎ᠶᠢ ᠬᠡᠷᠡᠭᠵᠢᠭᠦᠯᠬᠦ ᠰᠢᠰᠲᠧᠮ᠂ ᠵᠢᠷᠤᠮᠵᠢᠭ᠍ᠰᠠᠨ ᠤᠰᠤᠨ ᠠᠰᠢᠭ᠍ᠯᠠᠯᠲᠠ᠎ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠰᠲᠧᠮ᠂ ᠬᠦᠴᠦᠲᠡᠢ ᠤᠰᠤᠨ ᠠᠰᠢᠭ᠍ᠯᠠᠯᠲᠠ᠎ᠶᠢᠨ ᠬᠠᠤᠯᠢ᠎ᠪᠠᠷ ᠵᠠᠰᠠᠬᠤ ᠪᠠᠲᠤᠯᠠᠭ᠎ᠠ᠎ᠶᠢᠨ ᠰᠢᠰᠲᠧᠮ᠎ᠢ ᠲᠦᠷᠭᠡᠪᠴᠢᠯᠡᠨ ᠪᠤᠶ ᠪᠣᠯᠭᠠᠵᠤ᠂ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠋᠎ᠢ ᠬᠡᠷᠡᠭᠯᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠬᠥᠭᠵᠢᠯᠲᠡ᠎ᠶᠢ ᠲᠦᠯᠬᠢᠨ ᠠᠬᠢᠭᠤᠯᠬᠤ᠂ ᠵᠥᠷᠢᠴᠡᠯ᠎ᠢ ᠠᠷᠢᠯᠭᠠᠬᠤ᠂ ᠲᠣᠭᠲᠠᠭᠤᠨ ᠪᠠᠢᠳᠠᠯ᠎ᠢ ᠬᠠᠮᠠᠭᠠᠯᠠᠬᠤ᠂ ᠠᠶᠤᠯ ᠲᠦᠭᠰᠢᠭᠦᠷᠢ᠎ᠶᠢ ᠠᠷᠭᠠᠴᠠᠬᠤ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ᠎ᠶᠢᠨ ᠦᠨᠳᠦᠰᠦ᠎ᠶᠢ ᠪᠠᠲᠤᠳᠬᠠᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠢᠷᠡᠭᠡᠳᠦᠢ᠎ᠳᠦ ᠠᠰᠢᠭ᠍ᠲᠠᠢ ᠪᠠᠢᠯᠭᠠᠬᠤ ᠪᠠᠲᠤᠯᠠᠭ᠎ᠠ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            