ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠤᠰᠤ ᠠᠷᠪᠢᠯᠠᠬᠤ 9 ᠵᠦᠢᠯ᠎ᠦᠨ ᠮᠡᠷᠭᠡᠵᠢᠯ᠎ᠦᠨ ᠦᠷ᠎ᠡ ᠪᠦᠲᠦᠭᠡᠯ ᠤᠯᠤᠰ᠎ᠤᠨ ᠵᠣᠷᠢᠭ᠍ᠵᠢᠭᠤᠯᠤᠯ᠎ᠢ ᠣᠯᠪᠠ
ᠨᠡᠶ᠋ᠢᠲᠡᠯᠡᠭᠰᠡᠨ ᠴᠠᠭ᠄ 2026-01-12

       ᠲᠦᠷᠦᠭᠦᠬᠡᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠪᠣᠯᠣᠨ ᠤᠰᠤᠨ ᠠᠰᠢᠭ᠍ᠯᠠᠯᠲᠠ᠎ᠶᠢᠨ ᠶᠠᠮᠤᠨ ᠬᠠᠮᠲᠤᠷᠠᠨ ᠨᠡᠢᠲᠡᠯᠡᠭᠰᠡᠨ 《 ᠤᠯᠤᠰ᠎ᠠᠴᠠ ᠵᠣᠷᠢᠭ᠍ᠵᠢᠭᠤᠯᠵᠤ ᠪᠠᠢᠭ᠎ᠠ ᠠᠵᠤ ᠦᠢᠯᠡᠳᠪᠦᠷᠢ᠎ᠶᠢᠨ ᠤᠰᠤ ᠠᠷᠪᠢᠯᠠᠬᠤ ᠤᠷᠠᠯᠠᠯ᠂ ᠮᠡᠷᠭᠡᠵᠢᠯ ᠪᠠ ᠲᠣᠨᠣᠭ ᠲᠥᠬᠦᠭᠡᠷᠦᠮᠵᠢ᠎ᠶᠢᠨ ᠭᠠᠷᠴᠠᠭ ( 2025 ᠣᠨ᠎ᠤ ᠬᠡᠪᠯᠡᠯ ) 》᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 9 ᠵᠦᠢᠯ᠎ᠦᠨ ᠮᠡᠷᠭᠡᠵᠢᠯ᠎ᠦᠨ ᠦᠷ᠎ᠡ ᠪᠦᠲᠦᠭᠡᠯ᠎ᠢ ᠰᠣᠩᠭᠣᠨ ᠣᠷᠣᠭᠤᠯᠤᠭᠰᠠᠨ ᠪᠠᠢᠨ᠎ᠠ᠃
       9 ᠵᠦᠢᠯ᠎ᠦᠨ ᠮᠡᠷᠭᠡᠵᠢᠯ᠎ᠦᠨ ᠦᠷ᠎ᠡ ᠪᠦᠲᠦᠭᠡᠯ᠎ᠳᠦ ᠥᠪᠥᠷ ᠮᠣᠩᠭᠣᠯ᠎ᠤᠨ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠪᠥᠭᠡᠳ ᠠᠩᠬ᠎ᠠ ᠤᠳᠠᠭ᠎ᠠ ᠬᠡᠷᠡᠭᠯᠡᠭᠰᠡᠨ ᠲᠡᠷᠢᠭᠦᠨ᠎ᠦ ᠮᠡᠷᠭᠡᠵᠢᠯ ᠪᠠᠭᠲᠠᠬᠤ᠎ᠪᠠᠷ ᠪᠠᠷᠠᠬᠤ ᠦᠭᠡᠢ ᠪᠠᠰᠠ ᠥᠪᠥᠷ ᠮᠣᠩᠭᠣᠯ᠎ᠤᠨ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢᠨ ᠮᠤᠵᠢ᠎ᠶᠢᠨ ᠭᠠᠳᠠᠨᠠᠬᠢ ᠪᠦᠷᠢᠯᠳᠦᠭᠦᠨ ᠨᠢᠭᠡᠴᠢ᠎ᠶᠢᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠᠭᠲᠠᠨ᠎ᠠ᠂ ᠡᠨᠡ ᠨᠢ ᠥᠪᠥᠷ ᠮᠣᠩᠭᠣᠯ᠎ᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠶᠡᠬᠡ᠎ᠪᠡᠷ ᠲᠦᠯᠬᠢᠨ ᠠᠬᠢᠭᠤᠯᠤᠭᠰᠠᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ᠎ᠶᠢ ᠲᠥᠪᠯᠡᠷᠡᠩᠭᠦᠢ ᠬᠠᠷᠠᠭᠤᠯᠤᠭᠰᠠᠨ ᠪᠠᠢᠨ᠎ᠠ᠃
       2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠤᠯᠤᠰ᠎ᠤᠨ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢ ᠲᠦᠷᠦᠭᠦᠯᠡᠨ ᠪᠠᠢᠭᠤᠯᠵᠤ᠂ ᠠᠵᠢᠯ ᠲᠥᠷᠥᠯ᠎ᠦᠨ ᠰᠠᠯᠠᠭ᠎ᠠ ᠮᠥᠴᠢᠷ᠂ ᠮᠥᠩᠭᠥᠨ ᠭᠦᠢᠯᠭᠡᠭᠡ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠡᠯ᠎ᠡ ᠲᠠᠯ᠎ᠠ᠎ᠶᠢᠨ ᠬᠦᠴᠦᠨ᠎ᠢ ᠵᠣᠬᠢᠴᠠᠭᠤᠯᠤᠨ ᠭᠦᠨᠵᠡᠭᠡᠢ ᠣᠷᠣᠯᠴᠠᠭᠤᠯᠵᠤ᠂ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠤᠰᠤ ᠠᠷᠪᠢᠯᠠᠬᠤ ᠲᠡᠷᠢᠭᠦᠨ᠎ᠦ ᠬᠡᠷᠡᠭᠯᠡᠭᠡᠨ᠎ᠦ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠵᠦ᠂ ᠤᠯᠤᠰ᠎ᠤᠨ ᠡᠨᠧᠷᠭᠢ᠎ᠶᠢᠨ ᠪᠤᠭᠤᠲᠤ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠳᠤᠮᠳᠠᠳᠤ ᠤᠯᠤᠰ᠎ᠤᠨ ᠳᠠᠪᠤᠰᠤᠨ᠎ᠤ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠨᠡᠭᠡᠭᠡᠯᠲᠡ᠎ᠲᠠᠢ ᠣᠷᠴᠢᠯ ᠤᠰᠤᠨ᠎ᠤ ᠵᠠᠩᠭᠢᠯᠠᠭ᠎ᠠ᠎ᠶᠢᠨ ᠮᠡᠷᠭᠡᠵᠢᠯ ᠵᠡᠷᠭᠡ ᠨᠢᠭᠡ ᠪᠦᠯᠦᠭ ᠠᠵᠤ ᠦᠢᠯᠡᠳᠪᠦᠷᠢ᠎ᠶᠢᠨ ᠬᠦᠷᠢᠶᠡᠨ᠎ᠦ ᠤᠰᠤ ᠠᠷᠪᠢᠯᠠᠬᠤ ᠭᠣᠣᠯᠳᠠᠯᠭ᠎ᠠ᠎ᠲᠠᠢ ᠲᠥᠷᠥᠯ ᠵᠦᠢᠯ᠎ᠢ ᠪᠠᠢᠳᠠᠯ ᠳ᠋ᠤᠨᠢ ᠵᠣᠬᠢᠴᠠᠭᠤᠯᠤᠨ ᠡᠬᠢᠯᠡᠭᠦᠯᠵᠦ᠂ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ ᠪᠠ ᠤᠰᠤ ᠠᠷᠪᠢᠯᠠᠬᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠪᠡ᠃
       ᠥᠪᠥᠷ ᠮᠣᠩᠭᠣᠯ᠎ᠤᠨ ᠲᠤᠰ ᠤᠳᠠᠭᠠᠨ᠎ᠤ ᠤᠯᠤᠰ᠎ᠤᠨ ᠰᠢᠨ᠎ᠡ ᠭᠠᠷᠴᠠᠭ᠎ᠲᠤ ᠰᠣᠩᠭᠣᠭᠳᠠᠭᠰᠠᠨ ᠮᠡᠷᠭᠡᠵᠢᠯ᠎ᠦᠨ ᠦᠷ᠎ᠡ ᠪᠦᠲᠦᠭᠡᠯ ᠨᠢ ᠣᠷᠴᠢᠯ ᠤᠰᠤ᠎ᠶᠢ ᠬᠥᠷᠥᠭᠡᠬᠦ ᠵᠢᠴᠢ ᠡᠭᠡᠭᠦᠯᠦᠨ ᠬᠤᠷᠢᠶᠠᠵᠤ ᠠᠰᠢᠭ᠍ᠯᠠᠬᠤ ᠮᠡᠷᠭᠡᠵᠢᠯ᠂ ᠡᠩ᠎ᠦᠨ ᠪᠤᠰᠤ ᠤᠰᠤ᠎ᠶᠢ ᠠᠰᠢᠭ᠍ᠯᠠᠬᠤ ᠮᠡᠷᠭᠡᠵᠢᠯ ᠵᠡᠷᠭᠡ ᠠᠵᠤ ᠦᠢᠯᠡᠳᠪᠦᠷᠢ᠎ᠶᠢᠨ ᠤᠰᠤ ᠠᠷᠪᠢᠯᠠᠬᠤ ᠣᠯᠠᠨ ᠭᠣᠣᠯ ᠬᠦᠷᠢᠶ᠎ᠡ᠂ ᠵᠠᠩᠭᠢᠯᠠᠭ᠎ᠠ᠎ᠶᠢᠨ ᠭᠣᠭᠴᠣᠭ᠎ᠠ᠎ᠳᠤ ᠬᠣᠯᠪᠣᠭᠳᠠᠵᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠤᠰᠤ ᠠᠷᠪᠢᠯᠠᠬᠤ ᠬᠦᠷᠢᠶᠡᠨ᠎ᠳᠡᠬᠢ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠳᠡᠯᠭᠡᠨ ᠦᠵᠡᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠪᠥᠬᠥ ᠣᠷᠣᠨ᠎ᠤ ᠤᠰᠤ ᠶᠡᠬᠡ ᠬᠣᠷᠣᠭᠳᠠᠭᠤᠯᠬᠤ ᠠᠵᠢᠯ ᠲᠥᠷᠥᠯ᠎ᠦᠨ ᠤᠰᠤ ᠠᠷᠪᠢᠯᠠᠬᠤ ᠥᠭᠡᠷᠡᠴᠢᠯᠡᠯᠲᠡ᠎ᠳᠦ ᠨᠠᠩ ᠣᠯᠠᠨ ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ᠎ᠢ ᠬᠠᠩᠭᠠᠵᠤ᠂ ᠣᠷᠣᠨ ᠪᠦᠰᠡ᠎ᠶᠢᠨ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠠᠰᠢᠭ᠍ᠯᠠᠮᠵᠢ᠎ᠶᠢ ᠳᠡᠭᠡᠭᠰᠢᠯᠡᠭᠦᠯᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            