ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ 2025 ᠣᠨ᠎ᠤ 12 ᠰᠠᠷ᠎ᠠ᠎ᠶᠢᠨ 29᠎ᠦ ᠡᠳᠦᠷ ᠬᠥᠬᠡᠬᠣᠲᠠ᠎ᠳᠤ ᠬᠤᠷᠠᠯᠳᠤᠪᠠ᠃
ᠡᠨᠡ ᠤᠳᠠᠭ᠎ᠠ᠎ᠶᠢᠨ ᠪᠦᠬᠦᠳᠡ ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠭᠡᠰᠢᠭᠦᠨ 69 ᠬᠥᠮᠥᠨ᠂ ᠣᠷᠣᠯᠠᠭ᠍ᠴᠢ ᠭᠡᠰᠢᠭᠦᠨ 9 ᠬᠥᠮᠥᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠬᠢᠨᠠᠨ ᠪᠠᠢᠴᠠᠭᠠᠬᠤ ᠵᠥᠪᠯᠡᠯ᠎ᠦᠨ ᠭᠡᠰᠢᠭᠦᠨ ᠪᠣᠯᠣᠨ ᠬᠣᠯᠪᠣᠭᠳᠠᠯ ᠪᠦᠬᠦᠢ ᠲᠠᠯ᠎ᠠ᠎ᠶᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠭᠣᠣᠯᠳᠠᠯᠭ᠎ᠠ᠎ᠲᠠᠢ ᠠᠷᠠᠳ᠎ᠦᠨ ᠡᠵᠡᠩᠨᠡᠭᠰᠡᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠰᠡᠭ ᠦᠨᠳᠦᠰᠦᠨ ᠱᠠᠲᠤᠨ᠎ᠤ ᠲᠥᠯᠥᠭᠡᠯᠡᠭᠴᠢ ᠬᠤᠷᠠᠯ᠎ᠳᠤ ᠰᠤᠯᠠ ᠣᠷᠣᠯᠴᠠᠪᠠ᠃
12 ᠳ᠋ᠤᠭᠠᠷ ᠰᠠᠷ᠎ᠠ᠎ᠶᠢᠨ 29᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ᠎ᠤᠨ ᠠᠩᠬᠠᠳᠤᠭᠠᠷ ᠪᠥᠬᠥᠳᠡ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠪᠦᠭᠦᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠡᠷᠬᠢᠯᠡᠪᠡ᠃ ᠪᠦᠬᠦᠳᠡ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ ᠪᠣᠯᠣᠨ 2026 ᠣᠨ᠎ᠤ ᠠᠵᠢᠯ᠎ᠤᠨ ᠪᠠᠢᠷᠢᠯᠠᠭᠤᠯᠤᠯᠲᠠ᠎ᠶᠢ ᠰᠣᠨᠣᠰᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠠᠵᠤ ᠠᠬᠤᠢ᠎ᠶᠢᠨ ᠠᠵᠢᠯ᠎ᠤᠨ ᠲᠤᠬᠠᠢ ᠪᠣᠳᠠᠲᠠᠢ ᠪᠠᠢᠷᠢᠯᠠᠭᠤᠯᠤᠯᠲᠠ ᠬᠢᠵᠡᠢ᠃
12 ᠳ᠋ᠤᠭᠠᠷ ᠰᠠᠷ᠎ᠠ᠎ᠶᠢᠨ 29᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠪᠦᠬᠦᠳᠡ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠠᠵᠢᠯ᠎ᠢ ᠭᠦᠢᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠠᠯᠠᠬᠤᠪᠡᠷ ᠭᠣᠣᠯ ᠰᠢᠵᠢᠮ ᠪᠣᠯᠭᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠠᠵᠢᠯ᠎ᠢ ᠦᠷᠭᠦᠯᠵᠢᠯᠡᠨ ᠪᠠᠢᠷᠢᠯᠠᠭᠤᠯᠤᠨ ᠠᠬᠢᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠬᠤ᠎ᠶᠢ ᠶᠡᠬᠡᠪᠡᠷ ᠴᠢᠩᠭᠠᠳᠬᠠᠵᠤ᠂ ᠤᠯᠤᠰ᠎ᠤᠨ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠢᠳᠡᠪᠬᠢᠲᠡᠢ ᠭᠤᠶᠤᠴᠢᠯᠠᠨ ᠣᠯᠵᠤ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠰᠠᠢᠲᠤᠷ ᠠᠳᠬᠤᠬᠤ᠎ᠪᠠᠷ ᠠᠵᠠ ᠲᠣᠬᠢᠶᠠᠯ ᠪᠣᠯᠭᠠᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠵᠦ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ ᠪᠣᠯᠣᠨ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠦᠨ ᠠᠵᠢᠯ ᠦᠢᠯᠡᠰ᠎ᠦᠨ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠲᠡᠭᠦᠰ ᠠᠮᠵᠢᠯᠲᠠ᠎ᠲᠠᠢ ᠰᠡᠬᠦᠯ ᠬᠤᠷᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠭᠦᠨᠵᠡᠭᠡᠢ ᠣᠢᠯᠠᠭᠠᠵᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠱᠠᠲᠤ ᠦᠶ᠎ᠡ᠎ᠶᠢᠨ ᠴᠢᠨᠠᠷᠲᠠᠢ ᠣᠨᠴᠠᠯᠢᠭ᠋᠎ᠢ ᠭᠦᠨᠵᠡᠭᠡᠢ ᠵᠠᠳᠠᠯᠵᠤ᠂ ᠡᠯ᠎ᠡ ᠲᠠᠯ᠎ᠠ᠎ᠶᠢᠨ ᠰᠠᠨᠠᠯ ᠰᠠᠨᠠᠭᠤᠯᠭ᠎ᠠ᠎ᠶᠢ ᠬᠤᠷᠢᠶᠠᠩᠭᠤᠢᠯᠠᠵᠤ᠂ ᠥᠩᠭᠡᠷᠡᠭᠰᠡᠨ᠎ᠦ ᠠᠵᠢᠯ᠎ᠤᠨ ᠰᠠᠭᠤᠷᠢᠨ ᠳᠡᠭᠡᠷ᠎ᠡ᠂ ᠬᠣᠢᠰᠢᠳᠠ᠎ᠶᠢᠨ ᠬᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ ᠪᠦᠷᠢᠯᠳᠦᠭᠦᠯᠪᠡ᠃ ᠳᠠᠷᠤᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠢᠭᠤᠯᠤᠨ᠎ᠠ᠂ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》᠎ᠶᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠤᠨ᠎ᠠ᠂ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠦᠲᠦᠭᠡᠨ ᠪᠠᠶ᠋ᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠎ᠶᠢ ᠲᠦᠷᠭᠡᠳᠬᠡᠬᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠬᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ᠎ᠶᠢ ᠪᠠᠢᠭᠤᠯᠬᠤ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠰᠠᠢᠲᠤᠷ ᠠᠳᠬᠤᠨ᠎ᠠ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ᠃ ᠥᠪᠥᠷ ᠮᠣᠩᠭᠣᠯ᠎ᠤᠨ ᠪᠦᠬᠦ ᠤᠯᠤᠰ᠎ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠠᠷᠭ᠎ᠠ ᠵᠠᠮ ᠨᠡᠩ ᠲᠣᠳᠣᠷᠬᠠᠢ ᠪᠣᠯᠵᠤ᠂ ᠭᠠᠷᠳᠠᠴᠠ ᠨᠡᠩ ᠲᠣᠳᠣᠷᠬᠠᠢ ᠪᠣᠯᠵᠠᠢ᠃ ᠡᠳᠡᠭᠡᠷ ᠠᠮᠵᠢᠯᠲᠠ᠎ᠶᠢ ᠣᠯᠣᠭᠰᠠᠨ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠦ ᠪᠣᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠂ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭᠰᠡᠨ᠎ᠦ ᠦᠷ᠎ᠡ ᠳ᠋ᠦᠩ ᠪᠣᠯᠣᠨ᠎ᠠ ᠭᠡᠵᠦ ᠰᠠᠨᠠᠯ ᠨᠢᠭᠡᠲᠡᠢ ᠦᠵᠡᠪᠡ᠃
ᠪᠥᠬᠥᠳᠡ ᠬᠤᠷᠠᠯ᠎ᠠᠴᠠ᠂ ᠢᠷᠡᠬᠦ ᠵᠢᠯ᠎ᠦᠨ ᠠᠵᠢᠯ᠎ᠢ ᠰᠠᠢᠲᠤᠷ ᠬᠢᠬᠦ᠎ᠳᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠭᠦᠢᠴᠡᠳ ᠵᠥᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠬᠥᠭᠵᠢᠯᠲᠡ ᠪᠠ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠦᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠂ ᠬᠡᠷᠡᠭᠴᠡᠭᠡ᠎ᠶᠢ ᠦᠷᠭᠦᠯᠵᠢᠯᠡᠨ ᠬᠥᠭᠵᠢᠭᠡᠵᠦ᠂ ᠬᠠᠩᠭᠠᠯᠭ᠎ᠠ᠎ᠶᠢ ᠰᠢᠯᠢᠳᠡᠭᠵᠢᠭᠦᠯᠵᠦ᠂ ᠨᠡᠮᠡᠭᠳᠡᠯ᠎ᠢ ᠰᠢᠯᠢᠳᠡᠭᠵᠢᠭᠦᠯᠵᠦ᠂ ᠨᠥᠭᠡᠴᠡ᠎ᠶᠢ ᠠᠮᠢᠳᠤᠯᠢᠭ᠍ᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠵᠤ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃
ᠪᠥᠬᠥᠳᠡ ᠬᠤᠷᠠᠯ᠎ᠠᠴᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠲᠦᠯᠬᠢᠨ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠵᠤ᠂ ᠪᠠᠢᠩᠭᠤᠵᠢᠭ᠍ᠰᠠᠨ ᠤᠷᠳᠤ ᠬᠤᠭᠤᠴᠠᠭᠠᠨ᠎ᠤ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠲᠣᠭᠲᠠᠴᠠ᠎ᠶᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠲᠤ ᠪᠡᠬᠢ ᠪᠤᠢ ᠪᠣᠯᠭᠠᠬᠤ ᠬᠡᠷᠡᠭᠲᠡᠢ᠃ ᠭᠣᠣᠯ ᠰᠢᠵᠢᠮ᠎ᠢ ᠲᠤᠭᠤᠰᠢᠯᠠᠭᠤᠯᠬᠤ ᠱᠠᠭᠠᠷᠳᠠᠯᠭ᠎ᠠ᠎ᠶᠢ ᠪᠣᠳᠠᠲᠠᠢ ᠠᠵᠢᠯ ᠯᠤᠭ᠎ᠠ ᠳᠡᠭᠡᠳᠦ ᠬᠡᠮᠵᠢᠶ᠎ᠡ᠎ᠪᠡᠷ ᠠᠭᠤᠰᠤᠯᠴᠠᠭᠤᠯᠬᠤ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ ᠪᠣᠳᠠᠰ᠎ᠤᠨ ᠰᠠᠭᠤᠷᠢ᠎ᠶᠢ ᠪᠡᠬᠢᠵᠢᠭᠦᠯᠵᠦ᠂ ᠪᠥᠬᠥ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠶᠡᠬᠡᠪᠡᠷ ᠬᠥᠭᠵᠢᠭᠦᠯᠵᠦ᠂ ᠪᠥᠬᠥ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ᠎ᠶᠢ ᠭᠦᠨᠵᠡᠭᠡᠢ ᠠᠬᠢᠭᠤᠯᠤᠨ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠠᠤᠯᠢ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠪᠦᠲᠦᠭᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠠᠩ ᠲᠡᠭᠦᠯᠳᠡᠷᠵᠢᠭᠰᠡᠨ ᠨᠡᠢᠭᠡᠮ᠎ᠦᠨ ᠨᠥᠬᠥᠴᠡᠯ᠎ᠢ ᠡᠭᠦᠳᠴᠦ᠂ ᠪᠥᠬᠥ ᠣᠷᠣᠨ᠎ᠤ ᠺᠠᠳ᠋ᠷ ᠣᠯᠠᠨ ᠲᠦᠮᠡᠨ᠎ᠢ ᠳᠠᠶ᠋ᠢᠴᠢᠯᠠᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡᠨ᠎ᠦ 《 ᠲᠦᠷᠪᠡᠨ ᠣᠨᠴᠠᠭᠠᠶ 》᠎ᠶᠢᠨ ᠲᠤᠬᠠᠢ ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠺᠠᠳ᠋ᠷ᠎ᠢ ᠰᠣᠩᠭᠣᠵᠤ ᠬᠥᠮᠥᠵᠢᠭᠦᠯᠵᠦ ᠬᠠᠮᠢᠶᠠᠷᠴᠤ ᠬᠡᠷᠡᠭᠯᠡᠬᠦ ᠪᠦᠬᠦ ᠬᠡᠯᠬᠢᠶ᠎ᠡ᠎ᠳᠦ ᠢᠯᠡᠷᠡᠭᠦᠯᠵᠦ᠂ ᠨᠠᠮ᠎ᠤᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》᠎ᠶᠢ ᠪᠦᠲᠦᠭᠡᠨ ᠪᠠᠶ᠋ᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠨᠡᠩ ᠶᠡᠬᠡ ᠰᠢᠨ᠎ᠡ ᠵᠢᠳᠬᠦᠯ ᠴᠢᠷᠮᠠᠢᠯᠭ᠎ᠠ᠎ᠶᠢ ᠲᠠᠰᠤᠷᠠᠯᠳᠠ ᠦᠭᠡᠢ ᠢᠯᠡᠷᠡᠭᠦᠯᠬᠦ ᠬᠡᠷᠡᠭᠲᠡᠢ᠃ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮᠵᠢᠭᠦᠯᠦᠨ ᠵᠠᠰᠠᠬᠤ᠎ᠶᠢ ᠨᠢᠭᠡᠳᠦᠯᠲᠡᠢ ᠲᠥᠯᠥᠪᠯᠡᠨ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ᠎ᠦᠨ ᠬᠡᠮᠵᠢᠶ᠎ᠡ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠣᠷᠢᠨ᠎ᠳᠤ ᠨᠥᠬᠥᠷᠰᠡᠭ᠂ ᠦᠵᠡᠰᠬᠦᠯᠡᠩᠲᠦ ᠰᠠᠢᠬᠠᠨ ᠬᠥᠭᠵᠢᠭᠰᠡᠨ ᠥᠪᠥᠷ ᠮᠣᠩᠭᠣᠯ᠎ᠢ ᠪᠦᠲᠦᠭᠡᠨ ᠪᠠᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠵᠦ᠂ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠴᠢᠨᠠᠭᠰᠢᠳᠠ ᠳᠡᠭᠡᠭᠰᠢᠯᠡᠭᠦᠯᠵᠦ᠂ ᠬᠢᠯᠢ ᠬᠢᠵᠠᠭᠠᠷ᠎ᠢ ᠬᠥᠭᠵᠢᠭᠦᠯᠦᠨ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠎ᠶᠢ ᠭᠦᠨᠵᠡᠭᠡᠢᠷᠡᠭᠦᠯᠵᠦ᠂ ᠡᠬᠡ ᠤᠯᠤᠰ᠎ᠤᠨ 《 ᠤᠮᠠᠷᠠᠲᠤ ᠶᠡᠬᠡ ᠬᠠᠭᠠᠯᠭ᠎ᠠ 》 ᠶ᠋ᠢ ᠰᠠᠢᠲᠤᠷ ᠰᠠᠬᠢᠵᠤ᠂ ᠨᠡᠢᠰᠯᠡᠯ᠎ᠦᠨ 《 ᠬᠠᠮᠠᠭᠠᠯᠠᠯᠲᠠ᠎ᠶᠢᠨ ᠭᠣᠣᠯ 》᠎ᠤᠨ ᠦᠢᠯᠡᠳᠦᠯ᠎ᠢᠶᠡᠨ ᠰᠠᠢᠲᠤᠷ ᠪᠠᠳᠠᠷᠠᠭᠤᠯᠬᠤ ᠬᠡᠷᠡᠭᠲᠡᠢ᠃ ᠤᠳᠤ ᠦᠶ᠎ᠡ᠎ᠶᠢᠨ ᠡᠨᠧᠷᠭᠢ᠎ᠶᠢᠨ ᠰᠤᠷᠪᠤᠯᠵᠢ᠎ᠶᠢᠨ ᠠᠵᠤ ᠠᠬᠤᠢ᠎ᠶᠢ ᠶᠡᠬᠡᠪᠡᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ᠎ᠶᠢᠨ ᠰᠤᠷᠪᠤᠯᠵᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠤᠯᠠᠮᠵᠢᠯᠠᠯᠲᠤ ᠡᠨᠧᠷᠭᠢ᠎ᠶᠢᠨ ᠰᠤᠷᠪᠤᠯᠵᠢ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠴᠢᠩᠭᠠᠳᠬᠠᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢ ᠨᠡᠭᠡᠭᠡᠨ ᠠᠰᠢᠭ᠍ᠯᠠᠬᠤ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠦᠨ᠂ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠠᠵᠤ ᠦᠢᠯᠡᠰ᠎ᠢ ᠬᠦᠴᠦᠷᠬᠡᠭᠵᠢᠭᠦᠯᠵᠦ᠂ ᠡᠨᠧᠷᠭᠢ᠎ᠶᠢᠨ ᠰᠤᠷᠪᠤᠯᠵᠢ᠎ᠶᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠬᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠶᠢ ᠲᠦᠷᠭᠡᠳᠬᠡᠵᠦ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ ᠂ ᠲᠠᠯᠠᠪᠠᠶ ᠨᠢᠭᠡᠴᠢ᠎ᠶᠢᠨ ᠤᠨᠠᠯᠲᠠ᠎ᠶᠢᠨ ᠬᠢᠷᠢ ᠬᠡᠮᠵᠢᠶ᠎ᠡ᠎ᠶᠢ ᠬᠦᠴᠦᠯᠡᠨ ᠳᠡᠭᠡᠭᠰᠢᠯᠡᠭᠦᠯᠵᠦ᠂ ᠨᠠᠷᠢᠯᠢᠭ᠋ ᠭᠦᠨᠵᠡᠭᠡᠢ ᠡᠳ᠋ᠰᠢᠭᠦᠯᠬᠦ᠎ᠶᠢ ᠶᠡᠬᠡᠪᠡᠷ ᠠᠬᠢᠭᠤᠯᠤᠨ᠂ ᠨᠠᠷᠠᠲᠤ ᠲᠥᠷᠥᠯ ᠲᠡᠮᠳᠡᠭ᠎ᠦᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠴᠢᠩᠭᠠᠳᠬᠠᠵᠤ᠂ ᠪᠥᠬᠥ ᠠᠵᠤ ᠦᠢᠯᠡᠰ᠎ᠦᠨ ᠬᠡᠯᠬᠢᠶᠡᠵᠢᠯ᠎ᠦᠨ ᠬᠥᠭᠵᠢᠯᠲᠡ᠎ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ᠎ᠶᠢᠨ ᠲᠣᠮᠣ᠌ ᠣᠷᠣᠨ᠎ᠠᠴᠠ ᠲᠠᠷᠢᠶᠠᠯᠠᠩ ᠮᠠᠯ ᠠᠵᠤ ᠠᠬᠤᠢ᠎ᠶᠢᠨ ᠬᠦᠴᠦᠷᠬᠡᠭ ᠣᠷᠣᠨ ᠲᠡᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃ ᠳᠤᠮᠳᠠᠳᠤ ᠤᠯᠤᠰ ( ᠥᠪᠥᠷ ᠮᠣᠩᠭᠣᠯ )᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠡᠭᠦᠳᠦᠨ ᠪᠠᠶ᠋ᠢᠭᠤᠯᠬᠤ᠎ᠪᠠᠷ ᠬᠥᠲᠥᠯᠥᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠴᠣᠭᠴᠠᠯᠠᠨ᠂ ᠦᠷᠭᠦᠯᠵᠢᠯᠡᠨ ᠴᠡᠭ᠎ᠢ ᠴᠢᠩᠭᠠᠳᠬᠠᠵᠤ᠂ ᠬᠡᠪᠴᠢᠶ᠎ᠡ᠎ᠶᠢ ᠥᠷᠭᠡᠳᠬᠡᠵᠦ᠂ ᠶᠠᠰᠤ ᠴᠢᠨᠠᠷ᠎ᠢ ᠳᠡᠭᠡᠭᠰᠢᠯᠡᠭᠦᠯᠵᠦ᠂ ᠬᠢᠯᠢ ᠰᠤᠨᠳᠠᠯᠠᠭᠰᠠᠨ ᠰᠠᠭᠤᠷᠢ ᠲᠥᠬᠦᠭᠡᠷᠦᠮᠵᠢ ᠪᠣᠯᠣᠨ ᠣᠳᠣᠬᠢᠴᠢᠯᠠᠭᠰᠠᠨ ᠣᠶᠤᠨᠴᠢ ᠬᠢᠯᠢ᠎ᠶᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠢᠯᠢ᠎ᠶᠢᠨ ᠪᠣᠭᠣᠮᠲᠠ ᠪᠣᠯᠣᠨ ᠳᠣᠲᠣᠷ᠎ᠠ ᠭᠠᠵᠠᠷ᠎ᠤᠨ ᠬᠣᠯᠪᠤᠭᠠᠯᠠᠨ ᠬᠥᠭᠵᠢᠬᠦ᠎ᠶᠢ ᠠᠬᠢᠭᠤᠯᠵᠤ᠂ ᠭᠠᠳᠠᠭᠠᠳᠤ ᠬᠠᠨᠳᠤᠯᠭᠠᠲᠤ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠦᠢᠯᠡᠴᠢᠯᠡᠭᠡᠨ᠎ᠦ ᠠᠷᠠᠯᠵᠢᠶ᠎ᠠ᠎ᠶᠢᠨ ᠬᠥᠭᠵᠢᠯᠲᠡ᠎ᠶᠢ ᠵᠣᠷᠢᠭ᠍ᠵᠢᠭᠤᠯᠤᠨ ᠳᠡᠮᠵᠢᠵᠦ᠂ ᠤᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ᠋ ᠬᠦᠷᠳᠡᠬᠦ᠎ᠶᠢ ᠠᠬᠢᠭᠤᠯᠵᠤ᠂ ᠤᠯᠠᠨ ᠤᠯᠤᠰ᠎ᠤᠨ 《 ᠨᠠᠢᠵᠢ᠎ᠶᠢᠨ ᠲᠣᠭᠣᠷᠢᠭ᠋ 》᠎ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠪᠦᠬᠦᠳᠡ ᠬᠤᠷᠠᠯ᠎ᠠᠴᠠ᠂ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠴᠢᠨᠠᠷ ᠰᠠᠢᠲᠠᠢ ᠬᠥᠭᠵᠢᠯᠲᠡ᠎ᠶᠢᠨ ᠴᠢᠳᠠᠪᠤᠷᠢ᠎ᠶᠢᠨ ᠲᠡᠰᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠢᠭᠡ᠎ᠳᠦ᠂ ᠪᠣᠳᠠᠲᠤ ᠴᠣᠭᠴᠠ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠎ᠳᠤ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ᠎ᠶᠢ ᠴᠢᠩᠭᠠᠳᠬᠠᠬᠤ᠎ᠶᠢ ᠠᠬᠢᠭᠤᠯᠵᠤ᠂ ᠠᠵᠤ ᠦᠢᠯᠡᠳᠪᠦᠷᠢ᠎ᠶᠢᠨ ᠲᠥᠬᠦᠭᠡᠷᠦᠮᠵᠢ᠎ᠶᠢ ᠰᠢᠨᠡᠳᠬᠡᠬᠦ ᠪᠠ ᠮᠡᠷᠭᠡᠵᠢᠯ᠎ᠦᠨ ᠥᠭᠡᠷᠡᠴᠢᠯᠡᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠬᠤ᠎ᠶᠢ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠦᠷ᠎ᠡ ᠪᠦᠲᠦᠮᠵᠢᠲᠡᠢ ᠬᠥᠭᠵᠢᠯᠲᠡ᠎ᠶᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠋᠎ᠲᠠᠢ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠦᠲᠦᠭᠡᠨ ᠪᠠᠢᠭᠤᠯᠬᠤ ᠬᠡᠷᠡᠭᠲᠡᠢ᠃ ᠬᠣᠶᠠᠷ᠎ᠲᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠶᠡᠬᠡᠪᠡᠷ ᠠᠬᠢᠭᠤᠯᠵᠤ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ ᠪᠣᠯᠣᠨ ᠬᠥᠭᠵᠢᠭᠦᠯᠬᠦ ᠴᠢᠬᠤᠯᠠᠲᠠᠢ ᠬᠦᠷᠢᠶ᠎ᠡ ᠴᠠᠷᠠᠭ᠎ᠠ᠎ᠶᠢ ᠣᠨᠢᠯᠠᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠨᠡᠮᠡᠭᠳᠡᠭᠦᠯᠵᠦ᠂ ᠬᠡᠷᠡᠭᠯᠡᠭᠡ᠎ᠪᠡᠷ ᠬᠥᠳᠡᠯᠭᠡᠭᠦᠷ ᠪᠣᠯᠭᠠᠬᠤ ᠮᠠᠶᠢᠭ᠋᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢᠲᠠᠨ᠎ᠤ ᠨᠢᠭᠡ ᠴᠣᠭᠴᠠᠵᠢᠨ ᠬᠥᠭᠵᠢᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠶᠠᠪᠤᠴᠠ᠎ᠶᠢᠨ ᠰᠢᠨ᠎ᠡ᠎ᠶᠢ ᠡᠭᠦᠳᠬᠦ ᠬᠡᠯᠬᠢᠶ᠎ᠡ᠎ᠶᠢ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ ᠬᠡᠷᠡᠭᠲᠡᠢ᠃ ᠭᠤᠷᠪᠠ᠎ᠳᠤ᠂ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠨᠡᠩ ᠢᠯᠡᠭᠦᠦ ᠴᠢᠬᠤᠯᠠᠴᠢᠯᠠᠵᠤ᠂ ᠬᠡᠷᠡᠭᠯᠡᠭᠡ᠎ᠶᠢ ᠠᠬᠢᠭᠤᠯᠬᠤ ᠪᠠ ᠪᠡᠯᠡ ᠣᠷᠣᠭᠤᠯᠤᠯᠲᠠ᠎ᠶᠢ ᠥᠷᠭᠡᠳᠬᠡᠬᠦ᠎ᠶᠢ ᠨᠢᠭᠡᠳᠦᠯᠲᠡᠢ ᠲᠥᠯᠥᠪᠯᠡᠵᠦ᠂ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠡᠷᠡᠭᠯᠡᠭᠡ᠎ᠶᠢᠨ ᠰᠢᠨ᠎ᠡ ᠨᠡᠮᠡᠭᠳᠡᠯ᠎ᠦᠨ ᠴᠡᠭ᠎ᠢ ᠲᠦᠷᠭᠡᠪᠴᠢᠯᠡᠨ ᠪᠣᠢᠵᠢᠭᠤᠯᠵᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭᠰᠠᠨ ᠪᠦᠲᠦᠮᠵᠢᠲᠡᠶ ᠪᠡᠯᠡ ᠣᠷᠣᠭᠤᠯᠤᠯᠲᠠ᠎ᠶᠢ ᠨᠡᠮᠡᠭᠳᠡᠭᠦᠯᠦᠨ᠂ ᠴᠢᠬᠤᠯᠠ ᠶᠡᠬᠡ ᠲᠥᠷᠥᠯ ᠵᠦᠢᠯᠡᠰ ᠢᠯᠠᠩᠭᠤᠶ᠎ᠠ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯᠡᠰ᠎ᠢ ᠲᠦᠷᠭᠡᠨ᠎ᠢᠶᠡᠷ ᠨᠠᠢᠳᠠᠪᠤᠷᠢᠵᠢᠭᠤᠯᠬᠤ᠂ ᠲᠦᠷᠭᠡᠨ ᠨᠡᠭᠡᠭᠡᠨ ᠲᠦᠷᠭᠡᠨ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ᠎ᠦᠨ ᠰᠢᠨ᠎ᠡ ᠣᠷᠣᠨ ᠵᠠᠢ᠎ᠶᠢ ᠲᠠᠰᠤᠷᠠᠯᠳᠠ ᠦᠭᠡᠢ ᠥᠷᠭᠡᠳᠬᠡᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠬᠤ ᠬᠡᠷᠡᠭᠲᠡᠢ᠃ ᠳᠥᠷᠪᠡ᠎ᠳᠦ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠭᠣᠮᠲᠠ ᠰᠢᠪᠲᠤᠯᠬᠤ᠎ᠶᠢ ᠦᠷᠭᠦᠯᠵᠢᠯᠡᠭᠦᠯᠵᠦ᠂ 《 ᠬᠣᠶᠠᠷ ᠤᠭᠳᠤ ᠭᠤᠢᠪᠢᠰᠢ ᠦᠭᠡᠢ 》᠎ᠶᠢ ᠪᠠᠷᠢᠮᠲᠠᠯᠠᠨ ᠨᠠᠢᠳᠠᠪᠤᠷᠢᠵᠢᠭᠤᠯᠵᠤ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠶᠡᠬᠡᠪᠡᠷ ᠠᠬᠢᠭᠤᠯᠤᠨ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ 《 ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠣᠨ 》᠎ᠤ ᠠᠵᠢᠯᠯᠠᠭ᠎ᠠ᠎ᠶᠢ ᠥᠷᠨᠢᠭᠦᠯᠵᠦ᠂ ᠪᠠᠷᠢᠮᠵᠢᠶ᠎ᠠ᠎ᠶᠢ ᠳᠡᠭᠡᠭᠰᠢᠯᠡᠭᠦᠯᠦᠨ ᠰᠢᠯᠢᠳᠡᠭ ᠠᠷᠭ᠎ᠠ ᠬᠡᠮᠵᠢᠶ᠎ᠡ ᠠᠪᠴᠤ᠂ ᠲᠣᠭᠲᠠᠴᠠ᠎ᠶᠢ ᠪᠠᠢᠭᠤᠯᠤᠨ ᠰᠢᠯᠢᠳᠡᠭ ᠦᠢᠯᠡᠴᠢᠯᠡᠭᠡ᠎ᠲᠠᠢ ᠪᠣᠯᠭᠠᠵᠤ᠂ ᠬᠠᠤᠯᠢ᠎ᠪᠠᠷ ᠵᠠᠰᠠᠬᠤ᠎ᠶᠢ ᠴᠢᠩᠭᠠᠳᠬᠠᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠮᠠᠯᠠᠯᠲᠠ᠎ᠪᠠᠨ ᠪᠡᠶᠡᠯᠡᠭᠦᠯᠬᠦ᠎ᠶᠢ ᠴᠢᠬᠤᠯᠠᠴᠢᠯᠠᠨ ᠵᠢᠱ᠌ᠢᠯᠲᠡ᠎ᠶᠢ ᠰᠢᠯᠢᠳᠡᠭᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠬᠤ ᠬᠡᠷᠡᠭᠲᠡᠢ᠃ ᠲᠠᠪᠤ᠎ᠳᠤ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠬᠣᠲᠠ ᠬᠥᠳᠡᠭᠡ᠎ᠶᠢᠨ ᠠᠭᠤᠰᠤᠯᠴᠠᠯ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠵᠣᠬᠢᠴᠠᠩᠭᠤᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠵᠤ᠂ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《 ᠮᠢᠩᠭ᠎ᠠ ᠲᠦᠮᠡᠨ ᠢᠨᠵᠧᠨᠧᠷᠢᠩ 》᠎ᠤᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠲᠥᠷᠥᠯ ᠬᠤᠪᠢᠶᠠᠨ ᠡᠮᠬᠢ ᠵᠢᠷᠤᠮ᠎ᠲᠠᠢ᠂ ᠬᠡᠰᠡᠭ ᠣᠷᠣᠨᠵᠢᠭᠤᠯᠤᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠰᠢᠪᠲᠤᠯᠤᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠠᠵᠤ ᠦᠢᠯᠡᠰ᠎ᠦᠨ ᠬᠥᠭᠵᠢᠯᠲᠡ ᠬᠢᠭᠡᠳ ᠬᠣᠲᠠ᠎ᠶᠢᠨ ᠴᠢᠳᠠᠮᠵᠢ᠎ᠶᠢ ᠰᠢᠯᠢᠳᠡᠭᠵᠢᠭᠦᠯᠬᠦ ᠬᠣᠣᠰ ᠴᠢᠭᠯᠡᠯ᠎ᠢᠶᠡᠷ ᠴᠢᠳᠠᠪᠤᠷᠢ ᠣᠯᠭᠣᠬᠤ᠎ᠶᠢ ᠠᠬᠢᠭᠤᠯᠤᠨ᠂ ᠵᠣᠬᠢᠴᠠᠩᠭᠤᠢ ᠬᠥᠭᠵᠢᠯᠲᠡ᠎ᠶᠢᠨ ᠬᠢᠷᠢ ᠬᠡᠮᠵᠢᠶ᠎ᠡ᠎ᠶᠢ ᠲᠡᠭᠡᠭᠰᠢᠯᠡᠬᠦᠯᠬᠦ ᠬᠡᠷᠡᠭᠲᠡᠢ᠃ ᠵᠢᠷᠭᠤᠭ᠎ᠠ᠎ᠳᠤ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠶᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠴᠠᠭ ᠦᠶ᠎ᠡ᠎ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠢᠳᠠᠯ᠎ᠢ ᠢᠳᠡᠪᠬᠢᠲᠡᠢ ᠪᠣᠢᠵᠢᠭᠤᠯᠵᠤ᠂ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠥᠷᠭᠡᠳᠬᠡᠵᠦ᠂ ᠰᠣᠶᠣᠯ᠎ᠤᠨ ᠳᠡᠯᠡᠬᠡᠢ᠎ᠶᠢᠨ ᠳᠠᠮᠵᠢᠭᠤᠯᠭ᠎ᠠ᠎ᠶᠢᠨ ᠰᠢᠨ᠎ᠡ᠎ᠶᠢ ᠡᠭᠦᠳᠴᠦ᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ ᠬᠡᠷᠡᠭᠲᠡᠢ᠃ ᠳᠣᠯᠣᠭ᠎ᠠ᠎ᠳᠤ᠂ ᠠᠷᠠᠳ᠎ᠤᠨ ᠠᠮᠢᠳᠤᠷᠠᠯ᠎ᠢ ᠶᠡᠬᠡᠪᠡᠷ ᠬᠥᠭᠵᠢᠭᠦᠯᠬᠦ᠎ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠬᠦ᠎ᠶᠢ ᠪᠣᠳᠣᠯᠬᠢᠯᠠᠨ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠡᠮ ᠡᠮᠨᠡᠯᠭᠡ᠎ᠶᠢᠨ ᠰᠡᠷᠭᠡᠢᠯᠡᠨ ᠵᠠᠰᠠᠯᠲᠠ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶᠢᠨ ᠦᠢᠯᠡᠴᠢᠯᠡᠭᠡ᠂ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠬᠦ᠂ ᠦᠷᠡᠵᠢᠯ᠎ᠦᠨ ᠨᠥᠬᠥᠷᠰᠡᠭ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠂ ᠵᠠᠮ ᠬᠠᠷᠢᠯᠴᠠᠭ᠎ᠠ᠎ᠶᠢ ᠰᠠᠭᠠᠳ ᠦᠭᠡᠢ ᠨᠡᠪᠲᠡᠷᠡᠭᠦᠯᠬᠦ᠂ ᠵᠥᠷᠢᠴᠡᠯ ᠵᠢᠭᠤᠷᠠᠯᠳᠤᠭᠠᠨ᠎ᠢ ᠤᠯᠠᠨ ᠡᠰᠢᠵᠢᠭᠦᠯᠦᠨ ᠰᠢᠢᠳᠪᠦᠷᠢᠯᠡᠬᠦ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ᠂ ᠬᠤᠳᠠ ᠬᠥᠳᠡᠭᠡ᠎ᠶᠢᠨ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠬᠤ ᠵᠡᠷᠭᠡ 《 ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ 》᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠠᠴᠠ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠦᠨᠳᠦᠰᠦᠨ ᠪᠠᠲᠤᠯᠠᠭ᠎ᠠ᠎ᠶᠢ ᠬᠠᠩᠭᠠᠬᠤ ᠬᠡᠷᠡᠭᠲᠡᠢ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠰᠤᠷᠤᠯᠴᠠᠯᠭ᠎ᠠ᠎ᠶᠢ ᠶᠡᠬᠡᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠡᠯ᠎ᠡ ᠲᠠᠯ᠎ᠠ᠎ᠶᠢᠨ ᠬᠢᠨᠢ ᠳᠠᠭᠠᠭᠤᠯᠤᠨ ᠨᠢᠭ᠍ᠲᠠᠷᠠᠭᠤᠯᠵᠤ ᠬᠠᠮᠲᠤ᠎ᠪᠠᠷ ᠲᠡᠮᠡᠴᠡᠬᠦ ᠬᠡᠷᠡᠭᠲᠡᠢ᠃ 《 ᠬᠣᠶᠠᠷ᠎ᠢ ᠲᠣᠭᠲᠠᠭᠠᠬᠤ 》᠎ᠶᠢ ᠡᠷᠡᠰ ᠬᠦᠷᠢᠶᠡᠯᠡᠵᠦ᠂ 《 ᠬᠣᠶᠠᠷ᠎ᠢ ᠬᠠᠮᠠᠭᠠᠯᠠᠬᠤ 》᠎ᠶᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ 《 ᠭᠡᠨᠡᠨ ᠪᠠᠯᠠᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠮᠠ ᠪᠠᠷᠳᠠᠮ ᠠᠮᠠᠯᠳᠠᠬᠤ ᠂ ᠬᠠᠷᠢᠭᠤᠴᠠᠯᠭ᠎ᠠ᠎ᠪᠠᠨ ᠲᠦᠯᠬᠢᠵᠦ ᠵᠠᠢᠯᠠᠬᠤ 》 ᠦᠵᠡᠭᠳᠡᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠲᠡᠢ᠃ 《 ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ 》 ᠭᠡᠬᠦ ᠰᠠᠨᠠᠭ᠎ᠠ ᠠᠬᠤᠢ ᠪᠠ 《 ᠠᠮᠵᠢᠯᠲᠠ ᠭᠠᠷᠭᠠᠬᠤ᠎ᠳᠤ ᠪᠢ ᠯᠠᠪᠲᠠᠢ ᠪᠠᠢᠬᠤ 》 ᠡᠭᠦᠷᠭᠡᠯᠡᠯ᠎ᠢ ᠴᠢᠩᠭᠠᠳᠬᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ ᠪᠣᠳᠠᠲᠤ ᠶᠠᠪᠤᠳᠠᠯ ᠰᠠᠢᠨ ᠶᠠᠪᠤᠳᠠᠯ᠎ᠢ ᠢᠯᠡᠭᠦᠬᠡᠨ ᠬᠢᠵᠦ᠂ 《 ᠰᠢᠨ᠎ᠡ ᠳᠠᠷᠤᠭ᠎ᠠ ᠬᠠᠭᠤᠴᠢᠨ ᠲᠠᠨᠭᠰᠠ᠎ᠶᠢ ᠦᠯᠤ ᠬᠠᠮᠢᠶᠠᠷᠬᠤ 》 ᠪᠠ 《 ᠳᠦᠷᠢ ᠲᠥᠷᠬᠦ᠎ᠶᠢᠨ ᠢᠨᠵᠧᠨᠧᠷᠢᠩ 》᠂ 《 ᠵᠠᠰᠠᠭ᠎ᠤᠨ ᠠᠮᠵᠢᠯᠲᠠ᠎ᠶᠢᠨ ᠢᠨᠵᠧᠨᠧᠷᠢᠩ 》᠎ᠢ ᠡᠷᠡᠰ ᠬᠣᠷᠢᠭ᠍ᠯᠠᠬᠤ ᠬᠡᠷᠡᠭᠲᠡᠢ᠃ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠢᠮᠠᠭᠲᠠ ᠪᠠᠷᠢᠮᠲᠠᠯᠠᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠪᠠ ᠤᠷᠳᠤ ᠬᠤᠭᠤᠴᠠᠭᠠᠨ᠎ᠤ ᠪᠦᠲᠦᠮᠵᠢᠲᠡᠶ ᠪᠣᠯᠭᠠᠬᠤ᠎ᠶᠢ ᠲᠦᠯᠬᠢᠨ ᠠᠬᠢᠭᠤᠯᠬᠤ ᠬᠡᠷᠡᠭᠲᠡᠢ᠃ ᠢᠯᠵᠠᠷᠠᠯ᠎ᠢ ᠡᠰᠡᠷᠭᠦᠴᠡᠬᠦ ᠰᠦᠷ ᠬᠦᠴᠦᠲᠦ ᠪᠠᠢᠳᠠᠯ᠎ᠢ ᠪᠠᠲᠤᠯᠠᠵᠤ᠂ ᠢᠯᠵᠠᠷᠠᠬᠤ᠎ᠡᠴᠡ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠸᠠᠩ ᠯᠢ ᠰᠢᠶᠠ᠎ᠶᠢᠨ ᠰᠠᠬᠢᠯᠭ᠎ᠠ ᠪᠠᠲᠤ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ ᠵᠡᠷᠭᠡ᠎ᠡᠴᠡ ᠭᠦᠨᠵᠡᠭᠡᠢ ᠰᠤᠷᠭᠠᠮᠵᠢ ᠠᠪᠴᠤ᠂ ᠡᠷᠬᠡ ᠲᠥᠪᠯᠡᠷᠡᠭᠰᠡᠨ᠂ ᠪᠡᠯᠡ ᠮᠥᠩᠭᠥ ᠨᠢᠭ᠍ᠲᠠᠷᠠᠭᠰᠠᠨ᠂ ᠡᠬᠢ ᠪᠠᠶᠠᠯᠢᠭ᠋ ᠲᠥᠪᠯᠡᠷᠡᠭᠰᠡᠨ ᠬᠦᠷᠢᠶᠡᠨ᠎ᠳᠡᠬᠢ ᠢᠯᠵᠢᠷᠡᠯ᠎ᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ᠎ᠶᠢ ᠴᠢᠩᠭᠠᠳᠬᠠᠵᠤ᠂ ᠢᠯᠵᠢᠷᠡᠯ᠎ᠢ ᠵᠠᠰᠠᠬᠤ ᠶᠡᠷᠦᠩᠬᠡᠢᠯᠡᠭᠰᠡᠨ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠪᠠᠷ ᠰᠠᠢᠨ ᠰᠠᠢᠬᠠᠨ ᠴᠢᠳᠠᠪᠤᠷᠢᠲᠠᠨ᠎ᠤ ᠣᠷᠴᠢᠨ ᠲᠣᠭᠣᠷᠢᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠂ ᠵᠠᠰᠠᠭ᠎ᠤᠨ ᠶᠠᠪᠤᠳᠠᠯ᠎ᠤᠨ ᠣᠷᠴᠢᠨ ᠲᠣᠭᠣᠷᠢᠨ᠂ ᠰᠢᠨ᠎ᠡ᠎ᠶᠢ ᠡᠭᠦᠳᠬᠦ ᠣᠷᠴᠢᠨ ᠲᠣᠭᠣᠷᠢᠨ᠂ ᠶᠠᠷᠢᠶ᠎ᠠ ᠬᠡᠯᠡᠯᠴᠡᠭᠡᠨ᠎ᠦ ᠣᠷᠴᠢᠨ ᠲᠣᠭᠣᠷᠢᠨ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠨ ᠡᠵᠡᠮᠰᠢᠵᠦ᠂ ᠲᠡᠭᠦᠨ᠎ᠳᠦ ᠠᠭᠤᠯᠤᠭᠳᠠᠵᠤ ᠪᠠᠢᠭ᠎ᠠ ᠴᠢᠬᠤᠯᠠ ᠶᠡᠬᠡ ᠤᠯᠤᠰ ᠲᠦᠷᠦ᠎ᠶᠢᠨ ᠠᠴᠢ ᠬᠣᠯᠪᠣᠭᠳᠠᠯ᠂ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠤᠨ᠂ ᠨᠠᠢᠳᠠᠪᠤᠷᠢᠵᠢᠭᠤᠯᠤᠯᠲᠠ᠎ᠶᠢ ᠴᠢᠩᠭᠠᠳᠬᠠᠵᠤ᠂ ᠢᠷᠡᠬᠦ ᠵᠢᠯ᠎ᠦᠨ ᠬᠠᠷᠠᠯᠲᠠ᠎ᠪᠠᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠲᠡᠷᠢᠭᠦᠨ᠎ᠳᠦ ᠲᠠᠯᠪᠢᠵᠤ᠂ ᠪᠦᠬᠦ ᠣᠷᠣᠨ ᠪᠦᠰᠡ᠎ᠪᠡᠷ᠎ᠢᠶᠡᠨ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠪᠦᠲᠦᠭᠡᠨ ᠪᠠᠢᠭᠤᠯᠵᠤ᠂ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠲᠤᠷᠰᠢᠯᠲᠠ᠎ᠶᠢᠨ ᠣᠷᠣᠨ᠎ᠢ ᠡᠭᠦᠳᠦᠨ ᠪᠠᠢᠭᠤᠯᠵᠤ᠂ 《 ᠭᠤᠷᠪᠠᠨ ᠤᠮᠠᠷᠠᠲᠤ 》᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠣᠨ᠎ᠤ ᠠᠵᠢᠯᠯᠠᠭ᠎ᠠ᠎ᠶᠢ ᠬᠡᠷᠡᠭᠵᠢᠭᠦᠯᠵᠦ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠬᠢᠨᠠᠮᠠᠭᠠᠢ ᠴᠡᠭᠴᠡᠯᠡᠨ ᠰᠠᠢᠵᠢᠷᠠᠭᠤᠯᠵᠤ᠂ ᠨᠡᠩ ᠤᠯᠠᠨ ᠤᠯᠤᠰ᠎ᠤᠨ ᠲᠡᠰ᠎ᠤᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠎ᠢ ᠪᠦᠲᠦᠭᠡᠨ ᠪᠠᠠᠢᠭᠤᠯᠬᠤ ᠬᠡᠷᠡᠭᠲᠡᠢ᠃ ᠤᠯᠤᠰ᠎ᠤᠨ ᠬᠣᠷᠸ᠎ᠠ ᠠᠵᠤ ᠠᠬᠤᠢ ᠪᠠ ᠠᠵᠤ ᠦᠢᠯᠡᠰ᠎ᠦᠨ ᠬᠥᠭᠵᠢᠯᠲᠡ᠎ᠶᠢᠨ ᠲᠥᠷᠥ᠎ᠶᠢᠨ ᠪᠣᠳᠣᠯᠭ᠎ᠠ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠬᠠᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ ᠪᠠ ᠰᠢᠨ᠎ᠡ᠎ᠪᠡᠷ ᠪᠣᠶ ᠪᠣᠯᠤᠭᠰᠠᠨ ᠠᠵᠤ ᠦᠢᠯᠡᠰ᠂ ᠢᠷᠡᠭᠡᠳᠦᠢ᠎ᠶᠢᠨ ᠠᠵᠤ ᠦᠢᠯᠡᠰ᠎ᠦᠨ ᠲᠥᠷᠥᠯ ᠵᠦᠢᠯ᠎ᠢ ᠰᠢᠨᠵᠢᠯᠡᠬᠦ ᠤᠬᠠᠭᠠᠨᠴᠢ᠎ᠪᠠᠷ ᠪᠠᠢᠷᠢᠰᠢᠭᠤᠯᠵᠤ᠂ ᠪᠣᠳᠠᠲᠤ ᠴᠣᠭᠴᠠ᠎ᠶᠢᠨ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮᠵᠢ᠎ᠶᠢ ᠪᠠᠢᠭᠤᠯᠬᠤ ᠬᠡᠷᠡᠭᠲᠡᠢ᠃ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠡᠮᠦᠨᠡᠬᠢ ᠬᠤᠭᠤᠴᠠᠭᠠᠨ᠎ᠤ ᠠᠵᠢᠯ᠎ᠢ ᠨᠠᠷᠢᠨ ᠨᠢᠮᠪᠠᠢ ᠬᠢᠵᠦ᠂ ᠲᠥᠷᠥᠯ ᠵᠦᠢᠯ᠎ᠦᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ᠎ᠶᠢ ᠳᠡᠭᠡᠭᠰᠢᠯᠡᠭᠦᠯᠦᠨ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ᠎ᠤᠨ ᠲᠣᠭᠲᠠᠴᠠ᠎ᠶᠢ ᠰᠠᠢᠲᠤᠷ ᠬᠡᠷᠡᠭᠯᠡᠵᠦ᠂ ᠲᠥᠷᠥᠯ ᠵᠦᠢᠯ᠎ᠢ ᠲᠦᠷᠭᠡᠨ ᠬᠢᠨᠠᠨ ᠵᠥᠪᠰᠢᠶᠡᠷᠡᠬᠦ᠂ ᠲᠦᠷᠭᠡᠨ ᠠᠵᠢᠯ ᠡᠬᠢᠯᠡᠭᠦᠯᠬᠦ᠎ᠶᠢ ᠠᠬᠢᠭᠤᠯᠬᠤ ᠬᠡᠷᠡᠭᠲᠡᠢ᠃ 《 ᠬᠣᠶᠠᠷ ᠰᠢᠨ᠎ᠡ 》 ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ ᠨᠠᠢᠳᠠᠪᠤᠷᠢᠵᠢᠭᠤᠯᠵᠤ᠂ ᠴᠢᠨᠠᠷ ᠰᠠᠢᠲᠠᠢ ᠲᠠᠸᠠᠷ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠨ᠂ ᠠᠮᠠᠷᠠᠯᠲᠠ᠎ᠶᠢᠨ ᠡᠳᠦᠷ᠎ᠦᠨ ᠠᠵᠤ ᠠᠬᠤᠢ᠂ ᠤᠷᠤᠯᠳᠤᠭᠠᠨ᠎ᠤ ᠠᠵᠤ ᠠᠬᠤᠢ᠂ ᠲᠣᠭᠯᠠᠯᠲᠠ᠎ᠶᠢᠨ ᠠᠵᠤ ᠠᠬᠤᠢ ᠪᠠ ᠢᠳᠡᠭᠡᠨ ᠤᠮᠳᠠᠭᠠᠨ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡᠨ᠎ᠦ ᠬᠡᠷᠡᠭᠯᠡᠭᠡ᠎ᠶᠢ ᠶᠡᠬᠡᠪᠡᠷ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠠᠬᠢᠭᠤᠯᠵᠤ᠂ ᠰᠢᠨ᠎ᠡ ᠡᠨᠧᠷᠭᠢ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠠᠮᠢᠳᠤ ᠪᠣᠳᠠᠰ᠎ᠤᠨ ᠡᠮ ᠦᠢᠯᠡᠳᠬᠦ᠂ ᠡᠪᠡᠰᠦᠨ᠎ᠦ ᠦᠢᠯᠡᠰ ᠴᠠᠭᠠᠨ ᠢᠳᠡᠭᠡᠨ᠎ᠦ ᠦᠢᠯᠡᠰ ᠵᠡᠷᠭᠡ ᠣᠨᠴᠠᠯᠢᠭ᠍ᠲᠤ ᠳᠠᠪᠠᠭᠤᠯᠢᠭ᠋ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠦᠨ ᠲᠥᠷᠥᠯ ᠵᠦᠢᠯ᠎ᠢ ᠬᠡᠷᠡᠭᠵᠢᠭᠦᠯᠵᠦ᠂ ᠪᠣᠳᠣᠯᠲᠠ᠎ᠶᠢᠨ ᠬᠦᠴᠦᠨ ᠪᠠ ᠴᠠᠬᠢᠯᠭᠠᠨ ᠬᠦᠴᠦᠨ᠎ᠢ ᠬᠠᠮᠵᠢᠯᠴᠠᠭᠤᠯᠬᠤ᠂ ᠰᠠᠯᠬᠢ ᠭᠡᠷᠡᠯ᠎ᠢ ᠤᠰᠤᠳᠦ᠋ᠷᠦᠭᠴᠢᠵᠢᠬᠦᠯᠦᠨ ᠬᠠᠳᠠᠭᠠᠯᠠᠬᠤ᠂ ᠣᠢᠷ᠎ᠠ ᠣᠭᠲᠠᠷᠭᠤᠢ᠎ᠶᠢᠨ ᠠᠵᠤ ᠠᠬᠤᠢ᠂ 《 ᠵᠣᠬᠢᠶᠠᠮᠠᠯ ᠣᠶᠤᠨ ᠴᠢᠳᠠᠪᠤᠷᠢ + 》 ᠵᠡᠷᠭᠡ ᠰᠢᠨ᠎ᠡ᠎ᠪᠡᠷ ᠪᠣᠶ ᠪᠣᠯᠤᠭᠰᠠᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠢᠭᠡ ᠪᠦᠯᠦᠭ ᠤᠳᠤᠷᠢᠳᠤᠮᠵᠢ᠎ᠶᠢᠨ ᠴᠢᠨᠠᠷᠲᠠᠢ ᠲᠥᠷᠥᠯ ᠵᠦᠢᠯ᠎ᠢ ᠪᠠᠢᠷᠢᠰᠢᠭᠤᠯᠵᠤ᠂ ᠨᠢᠭᠡ ᠪᠦᠯᠦᠭ ᠠᠵᠤ ᠦᠶ᠋ᠢᠯᠡᠰᠵᠢᠭᠰᠡᠨ ᠦᠷ᠎ᠡ ᠪᠦᠲᠦᠭᠡᠯ᠎ᠢ ᠪᠣᠶ ᠪᠣᠯᠭᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠬᠠᠮᠤᠭ᠎ᠠᠴᠠ ᠴᠢᠬᠤᠯᠠᠴᠢᠯᠠᠬᠤ ᠢᠮᠠᠭᠲᠠ ᠪᠠᠷᠢᠮᠲᠠᠯᠠᠵᠤ᠂ 《 ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ 》᠎ᠢ ᠯᠠᠪᠳᠠᠭᠤᠨ᠎ᠢᠶᠠᠷ ᠬᠡᠷᠡᠭᠵᠢᠭᠦᠯᠬᠦ ᠬᠡᠷᠡᠭᠲᠡᠢ᠃ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠥᠲᠥᠯᠪᠦᠷᠢ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠦᠨᠡᠨ᠎ᠡᠴᠡ ᠵᠥᠪ᠎ᠢ ᠡᠷᠢᠵᠦ᠂ ᠭᠦᠢᠴᠡᠳᠬᠡᠬᠦ ᠲᠣᠭ᠎ᠠ᠎ᠶᠢ ᠰᠢᠨᠵᠢᠯᠡᠬᠦ ᠤᠬᠠᠭᠠᠨᠴᠢ᠎ᠪᠠᠷ ᠵᠦᠢ ᠵᠣᠬᠢᠰᠲᠠᠢ᠎ᠪᠠᠷ ᠲᠣᠭᠲᠠᠭᠠᠵᠤ᠂ 《 ᠪᠠᠭ᠎ᠠ ᠮᠥᠷᠲᠡᠭᠡᠨ ᠨᠠᠷᠢᠯᠢᠭ᠋ 》 ᠪᠠᠢᠯᠭᠠᠬᠤ ᠵᠠᠷᠴᠢᠮ ᠶᠣᠰᠣᠭᠠᠷ ᠲᠤᠰᠬᠠᠢ ᠵᠦᠢᠯ᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ᠂ ᠲᠥᠯᠦᠪᠵᠢᠭᠦᠯᠭᠡ ᠬᠡᠳᠦ ᠣᠯᠠᠰᠢᠷᠠᠬᠤ ᠪᠠ ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠎ᠶᠢ ᠡᠷᠡᠰ ᠬᠣᠷᠢᠭ᠍ᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠠᠴᠠ᠂ ᠢᠷᠡᠬᠦ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠡᠷᠬᠡᠪᠰᠢ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ ᠭᠡᠬᠦ ᠡᠨᠡ ᠬᠦ᠌ ᠪᠦᠬᠦ ᠣᠷᠣᠨ᠎ᠤ ᠡᠯ᠎ᠡ ᠲᠦᠷᠦᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠶᠡᠷᠦᠩᠬᠡᠢ ᠭᠠᠷᠳᠠᠴᠠ ᠶ᠋ᠢ ᠪᠠᠲᠤ ᠡᠵᠡᠮᠳᠡᠵᠦ᠂ ᠴᠥᠬᠥᠷᠡᠰᠢ ᠦᠭᠡᠢ ᠤᠷᠤᠭ᠍ᠰᠢ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠡᠷ ᠲᠠᠮᠵᠢᠨ 《 ᠬᠣᠶᠠᠷ ᠵᠢᠭ᠍ᠰᠠᠭᠠᠯᠲᠠ᠎ᠳᠤ ᠲᠣᠭᠲᠠᠪᠤᠷᠢᠵᠢᠬᠤ 》᠂ 《ᠬᠣᠶᠠᠷ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠶ᠋ᠢ ᠪᠠᠲᠤᠯᠠᠬᠤ ᠬᠡᠷᠡᠭᠲᠡᠢ᠃ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠵᠢᠮ᠎ᠡ ᠶᠣᠰᠣ᠌᠎ᠶᠢ ᠬᠦᠨᠳᠦᠳᠬᠡᠵᠦ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠣᠯ᠎ᠤᠨ ᠬᠥᠭᠵᠢᠯᠲᠡ᠎ᠳᠦ ᠬᠠᠷᠢᠭᠤᠴᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠪᠤᠶᠠᠨ ᠦᠢᠯᠡᠳᠬᠦ ᠬᠡᠷᠡᠭᠲᠡᠢ᠃ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠴᠦᠰ ᠲᠤᠨᠢ ᠲᠤᠯᠲᠠᠯ᠎ᠠ ᠬᠡᠷᠡᠭᠵᠢᠭᠦᠯᠬᠦ ᠴᠢᠳᠠᠪᠤᠷᠢ᠂ ᠨᠡᠪᠲᠡᠯᠬᠦ ᠬᠦᠴᠦᠨ᠎ᠢᠶᠠᠨ ᠳᠡᠭᠡᠭᠰᠢᠯᠡᠭᠦᠯᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠨᠡᠩ ᠶᠡᠬᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠤᠯᠤᠰ ᠲᠦᠷᠦ᠎ᠶᠢ ᠡᠷᠬᠢᠮᠯᠡᠬᠦ᠂ ᠦᠨᠡᠨᠴᠢ ᠰᠢᠳᠤᠷᠭᠤ ᠪᠠᠢᠬᠤ᠎ᠶᠢ ᠡᠷᠬᠢᠮᠯᠡᠬᠦ ᠥᠨᠳᠥᠷᠴᠡ ᠡᠴᠡ ᠲᠥᠪ᠎ᠦᠨ ᠲᠣᠭᠣᠷᠢᠨ ᠪᠠᠢᠴᠠᠭᠠᠯᠲᠠ᠎ᠶᠢᠨ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠴᠠᠭ᠎ᠤᠨ ᠲᠠᠷᠠᠭᠠᠠᠯᠠᠯ ᠠᠬᠢᠴᠠ᠎ᠶᠢ ᠰᠠᠢᠲᠤᠷ ᠠᠳᠬᠤᠵᠤ᠂ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶᠢ ᠭᠦᠨᠵᠡᠭᠡᠢᠷᠡᠭᠦᠯᠵᠦ᠂ ᠠᠰᠠᠭᠤᠳᠠᠯ᠎ᠢ ᠰᠢᠢᠳᠪᠦᠷᠢᠯᠡᠬᠦ᠎ᠪᠡᠷ ᠳᠠᠮᠵᠢᠨ ᠠᠵᠢᠯ᠎ᠢᠶᠠᠨ ᠰᠠᠢᠵᠢᠷᠠᠭᠤᠯᠵᠤ᠂ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠠᠴᠠ᠂ ᠰᠢᠨ᠎ᠡ ᠵᠢᠯ᠂ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠵᠤ ᠦᠨ᠎ᠡ ᠬᠠᠩᠰᠢ᠎ᠶᠢ ᠲᠣᠭᠲᠠᠪᠤᠷᠢᠵᠢᠭᠤᠯᠬᠤ᠂ ᠨᠡᠭᠦᠷᠡᠰᠦ ᠴᠠᠬᠢᠯᠭᠠᠨ ᠲᠣᠰᠣ᠌ ᠬᠡᠢ᠎ᠶᠢᠨ ᠠᠶᠤᠯᠭᠦᠢ ᠪᠥᠭᠡᠳ ᠲᠣᠭᠲᠠᠭᠤᠨ ᠬᠠᠩᠭᠠᠯᠭ᠎ᠠ᠎ᠶᠢ ᠴᠢᠩᠭᠠᠳᠬᠠᠨ᠂ ᠬᠦᠴᠢᠷᠳᠡᠯᠲᠡᠢ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠵᠤ᠂ ᠠᠶᠤᠯᠭᠦᠢ ᠦᠢᠯᠡᠳᠪᠦᠷᠢᠯᠡᠯ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ᠂ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠵᠡᠷᠭᠡ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠂ ᠨᠡᠢᠭᠡᠮ᠎ᠦᠨ ᠠᠮᠤᠷ ᠲᠠᠢᠪᠤᠩ ᠡᠶ᠎ᠡ ᠵᠣᠬᠢᠴᠠᠯ᠎ᠲᠠᠢ ᠲᠣᠭᠲᠠᠭᠤᠨ ᠪᠠᠢᠳᠠᠯ᠎ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠪᠦᠭᠦᠳᠡ ᠬᠤᠷᠠᠯ᠎ᠠᠴᠠ ᠵᠢᠶᠠᠩ ᠬᠣᠩ᠎ᠤᠨ ᠬᠠᠤᠯᠢ ᠰᠠᠬᠢᠯᠭ᠎ᠠ᠎ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠬᠢᠨᠠᠨ ᠪᠠᠢᠴᠠᠭᠠᠭᠰᠠᠨ ᠮᠡᠳᠡᠭᠦᠯᠦᠯᠲᠡ᠎ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠡᠭᠦᠨ᠎ᠡᠴᠡ ᠡᠮᠦᠨ᠎ᠡ ᠭᠠᠷᠭᠠᠭᠰᠠᠨ ᠵᠢᠶᠠᠩ ᠬᠣᠩ᠎ᠢ ᠥᠭᠭᠦᠭᠰᠡᠨ ᠨᠠᠮ᠎ᠠᠴᠠ ᠬᠥᠭᠡᠭᠡᠬᠦ ᠰᠢᠢᠳᠬᠡᠯᠢ ᠨᠤᠲᠠᠯᠠᠪᠠ᠃
ᠪᠦᠬᠦᠳᠡ ᠬᠤᠷᠠᠯ᠎ᠠᠴᠠ᠂ ᠪᠦᠬᠦ ᠣᠷᠣᠨ᠎ᠢᠶᠠᠷ᠎ᠢᠶᠠᠨ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠡᠷᠡᠮᠡᠬᠡᠢᠯᠡᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠯ᠎ᠡ ᠵᠦᠢᠯ᠎ᠦᠨ ᠠᠵᠢᠯ᠎ᠢᠶᠠᠨ ᠴᠢᠨᠠᠷ ᠰᠠᠢᠲᠠᠢ ᠰᠠᠢᠲᠤᠷ ᠬᠢᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠢ ᠰᠠᠢᠲᠤᠷ ᠡᠬᠢᠯᠡᠭᠦᠯᠵᠦ ᠂ ᠠᠩᠬᠠᠨ᠎ᠤ ᠠᠯᠬᠤᠭ᠎ᠠ᠎ᠶᠢ ᠰᠠᠢᠲᠤᠷ ᠠᠯᠬᠤᠬᠤ᠎ᠶᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠤᠳᠤᠬᠢᠴᠯᠠᠯᠳᠠᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ ᠭᠡᠵᠦ ᠤᠷᠢᠶᠠᠯᠠᠪᠠ᠃