ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠥ ᠣᠷᠣᠨ᠎ᠤ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ᠎ᠶᠢ ᠴᠠᠭᠠᠵᠠᠯᠠᠬᠤ ᠣᠷᠣᠨ᠂ ᠨᠡᠭᠡᠭᠡᠨ ᠮᠠᠯᠲᠠᠬᠤ᠎ᠶᠢ ᠬᠢᠵᠠᠭᠠᠷᠯᠠᠬᠤ ᠣᠷᠣᠨ᠎ᠤ ᠵᠠᠭᠠᠭᠯᠠᠨ ᠲᠣᠭᠲᠠᠭᠠᠬᠤ ᠬᠡᠪᠴᠢᠶ᠎ᠡ᠎ᠶᠢ ᠨᠡᠢᠲᠡᠯᠡᠵᠦ ᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠣᠳᠣᠷᠬᠠᠢᠯᠠᠪᠠ᠃
ᠪᠥᠬᠥ ᠣᠷᠣᠨ᠎ᠳᠤ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ᠎ᠶᠢ ᠴᠠᠭᠠᠵᠠᠯᠠᠬᠤ ᠣᠷᠣᠨ᠎ᠢ ᠨᠡᠶ᠋ᠢᠲᠡ 5 ᠬᠤᠪᠢᠶᠠᠷᠢᠯᠠᠨ ᠲᠣᠭᠲᠠᠭᠠᠵᠤ᠂ ᠶᠡᠷᠦᠩᠬᠡᠢ ᠲᠠᠯᠠᠪᠠᠶ ᠨᠢ 41.56 ᠲᠡᠭᠰᠢ ᠳᠥᠷᠪᠡᠯᠵᠢᠨ ᠺᠢᠯᠣᠮᠧᠲᠷ ᠪᠠᠢᠵᠤ᠂ ᠬᠥᠬᠡᠬᠣᠲᠠ᠂ ᠪᠤᠭᠤᠲᠤ ᠬᠣᠲᠠ᠂ ᠲᠦᠩᠯᠢᠶᠣᠣ ᠬᠣᠲᠠ ᠵᠡᠷᠭᠡ 3 ᠲᠤᠰᠬᠠᠢ ᠣᠷᠣᠨ᠎ᠤ ᠲᠠᠰ᠎ᠤᠨ ᠬᠣᠲᠠ ᠵᠢᠴᠢ ᠬᠠᠮᠢᠶ᠎ᠠ ᠪᠦᠬᠦᠢ ᠬᠣᠰᠢᠭᠤ ᠰᠢᠶᠠᠨ ᠲᠣᠭᠣᠷᠢᠭ᠋᠎ᠲᠤ ᠬᠣᠯᠪᠣᠭᠳᠠᠨ᠎ᠠ ; ᠭᠠᠵᠠᠷ ᠳᠣᠣᠷᠠᠬᠢ ᠤᠰᠤ᠎ᠶᠢ ᠬᠢᠵᠠᠭᠠᠷᠯᠠᠨ ᠮᠠᠯᠲᠠᠬᠤ ᠣᠷᠣᠨ᠎ᠢ ᠨᠡᠢᠳᠡ 56 ᠬᠤᠪᠢᠶᠠᠷᠢᠯᠠᠨ ᠲᠣᠭᠲᠠᠭᠠᠵᠤ᠂ ᠶᠡᠷᠦᠩᠬᠡᠢ ᠲᠠᠯᠠᠪᠠᠢ ᠨᠢ 47749.24 ᠲᠡᠭᠰᠢ ᠳᠥᠷᠪᠡᠯᠵᠢᠨ ᠺᠢᠯᠣᠮᠧᠲᠷ ᠪᠠᠢᠵᠤ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠬᠥᠬᠡᠬᠣᠲᠠ᠂ ᠪᠠᠶᠠᠨᠨᠠᠭᠤᠷ ᠬᠤᠳᠠ᠂ ᠪᠤᠭᠤᠲᠤ ᠬᠤᠳᠠ᠂ ᠦᠬᠠᠢ ᠬᠤᠳᠠ᠂ ᠣᠷᠳᠣᠰ ᠬᠤᠳᠠ᠂ ᠤᠯᠠᠭᠠᠨᠴᠠᠪ᠂ ᠰᠢᠯᠢ᠎ᠶᠢᠨ ᠭᠣᠣᠯ ᠠᠢᠮᠠᠭ᠂ ᠠᠯᠠᠱᠠ ᠠᠢᠮᠠᠭ ᠵᠡᠷᠭᠡ ᠨᠡᠢ᠍ᠢᠳᠡ 10 ᠠᠢᠮᠠᠭ ᠬᠤᠳᠠ ᠬᠢᠭᠡᠳ ᠬᠠᠮᠢᠶ᠎ᠠ ᠪᠦᠬᠦᠢ ᠬᠣᠰᠢᠭᠤ ᠰᠢᠶᠠᠨ᠎ᠳᠦ ᠬᠣᠯᠪᠣᠭᠳᠠᠨ᠎ᠠ᠃ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠦᠨᠳᠦᠰᠦᠯᠡᠨ᠂ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ᠎ᠶᠢ ᠴᠠᠭᠠᠵᠠᠯᠠᠬᠤ ᠣᠷᠣᠨ᠎ᠳᠤ ᠲᠦᠷ ᠴᠠᠭ ᠪᠠᠴᠢᠮ ᠪᠠᠢᠳᠠᠯ᠎ᠢ ᠠᠷᠭᠠᠴᠠᠵᠤ ᠤᠰᠤ ᠲᠠᠲᠠᠬᠤ ᠵᠡᠷᠭᠡ ᠪᠠᠢᠳᠠᠯ᠎ᠠᠴᠠ ᠭᠠᠳᠠᠨ᠎ᠠ᠂ ᠭᠠᠵᠠᠷ ᠳᠣᠣᠷᠠᠬᠢ ᠤᠰᠤ᠎ᠶᠢ ᠲᠠᠲᠠᠵᠤ ᠬᠡᠷᠡᠭᠯᠡᠬᠦ᠎ᠶᠢ ᠴᠠᠭᠠᠵᠠᠯᠠᠬᠤ᠂ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ ᠪᠣᠶ ᠪᠦᠬᠦᠢ ᠬᠤᠳᠳᠤᠭ᠎ᠢ ᠬᠤᠭᠤᠴᠠᠭ᠎ᠠ ᠬᠢᠵᠠᠭᠠᠷᠯᠠᠨ ᠬᠠᠭᠠᠬᠤ᠂ ᠰᠢᠨ᠎ᠡ᠎ᠪᠡᠷ ᠨᠡᠮᠡᠭᠳᠡᠭᠰᠡᠨ ᠭᠠᠵᠠᠷ ᠳᠣᠣᠷᠠᠬᠢ ᠤᠰᠤᠨ᠎ᠤ ᠤᠰᠤ ᠲᠠᠲᠠᠬᠤ ᠵᠥᠪᠰᠢᠶᠡᠷᠡᠯ᠎ᠦᠨ ᠦᠨᠡᠮᠯᠡᠯ ᠣᠯᠭᠣᠬᠤ᠎ᠶᠢ ᠵᠣᠭᠰᠤᠭᠠᠬᠤ ᠵᠡᠷᠭᠡ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠤᠨ᠎ᠠ᠃ ᠭᠠᠵᠠᠷ ᠳᠣᠣᠷᠠᠬᠢ ᠤᠰᠤ᠎ᠶᠢ ᠬᠢᠵᠠᠭᠠᠷ᠎ᠲᠠᠢ ᠨᠡᠭᠡᠭᠡᠨ ᠮᠠᠯᠲᠠᠬᠤ ᠣᠷᠣᠨ᠎ᠳᠦ ᠲᠦᠷ ᠴᠠᠭ ᠪᠠᠴᠢᠮ ᠪᠠᠢᠳᠠᠯ᠎ᠢ ᠠᠷᠭᠠᠴᠠᠵᠤ ᠤᠰᠤ ᠲᠠᠲᠠᠬᠤ ᠵᠡᠷᠭᠡ ᠪᠠᠢᠳᠠᠯ᠎ᠢ ᠭᠠᠷᠭᠠᠪᠠᠯ᠂ ᠭᠠᠵᠠᠷ ᠳᠣᠣᠷᠠᠬᠢ ᠤᠰᠤ᠎ᠶᠢ ᠰᠢᠨ᠎ᠡ᠎ᠪᠡᠷ ᠨᠡᠮᠡᠭᠳᠡᠭᠦᠯᠦᠨ ᠲᠠᠲᠠᠵᠤ ᠬᠡᠷᠡᠭᠯᠡᠬᠦ᠎ᠶᠢ ᠴᠠᠭᠠᠵᠠᠯᠠᠬᠤ᠎ᠶᠢᠨ ᠬᠠᠮᠲᠤ ᠭᠠᠵᠠᠷ ᠳᠣᠣᠷᠠᠬᠢ ᠤᠰᠤᠨ᠎ᠦ ᠤᠰᠤ ᠲᠠᠲᠠᠬᠤ ᠬᠡᠮᠵᠢᠶ᠎ᠡ᠎ᠶᠢ ᠠᠯᠬᠤᠮ ᠠᠯᠬᠤᠮ᠎ᠢᠶᠠᠷ ᠪᠠᠭᠠᠰᠬᠠᠬᠤ ᠵᠡᠷᠭᠡ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠎ᠠ᠃