ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠦᠷᠦᠭᠦᠬᠡᠨ 《 ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ 》 ( DB15/T385 ︱ 2025 )᠎ᠶᠢᠨ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠵᠦ᠂ 2026 ᠣᠨ᠎ᠤ 1 ᠳ᠋ᠦ᠍ᠭᠡᠷ ᠰᠠᠷ᠎ᠠ᠎ᠶᠢᠨ 25᠎ᠤ ᠡᠳᠦᠷ᠎ᠡᠴᠡ ᠵᠢᠩᠬᠢᠨᠢ᠎ᠪᠡᠷ ᠬᠡᠷᠡᠭᠵᠢᠭᠦᠯᠬᠦ᠎ᠪᠡᠷ ᠪᠣᠶ᠃
ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《 ᠠᠵᠢᠯ ᠲᠦᠷᠦᠯ᠎ᠦᠨ ᠤᠰᠤ ᠬᠡᠷᠡᠭᠯᠡᠬᠦ ᠲᠣᠭᠲᠠᠭᠰᠠᠨ ᠨᠤᠷᠮ᠎ᠠ 》 ᠨᠢ 17 ᠲᠦᠷᠦᠯ᠂ 61 ᠶᠡᠬᠡ ᠲᠦᠷᠦᠯ᠂ 168 ᠳᠤᠮᠳᠠ ᠲᠦᠷᠦᠯ᠂ 282 ᠪᠠᠭ᠎ᠠ ᠲᠦᠷᠦᠯ᠂ 640 ᠵᠦᠢᠯ᠎ᠦᠨ ᠦᠢᠯᠡᠳᠬᠦᠨ᠂ 1922 ᠵᠦᠢᠯ᠎ᠦᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠶᠢ ᠬᠠᠮᠤᠷᠴᠤ᠂ 2020 ᠣᠨ᠎ᠤ ᠬᠡᠪᠯᠡᠯ᠎ᠦᠨ ᠠᠵᠢᠯ ᠲᠦᠷᠦᠯ᠎ᠦᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠠᠴᠠ 40 ᠵᠦᠢᠯ᠎ᠦᠨ ᠦᠢᠯᠡᠳᠬᠦᠨ᠎ᠦ ᠲᠣᠭᠲᠠᠭᠰᠠᠨ ᠨᠤᠷᠮ᠎ᠠ᠎ᠶᠢᠨ ᠬᠡᠮᠵᠢᠭᠳᠡᠯ᠎ᠢ ᠨᠡᠮᠡᠭᠳᠡᠭᠦᠯᠵᠡᠢ᠃ ᠪᠦᠬᠦ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠣᠨᠴᠠᠯᠢᠭ᠋᠂ ᠠᠵᠤ ᠦᠢᠯᠡᠰ᠎ᠦᠨ ᠪᠠᠢᠷᠢᠰᠢᠯ ᠵᠡᠷᠭᠡ᠎ᠲᠠᠢ ᠤᠶᠠᠯᠳᠤᠭᠤᠯᠤᠨ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ《 ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》᠎ᠳᠤ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ᠂ ᠦᠵᠦᠮ ᠲᠠᠷᠢᠬᠤ᠂ ᠼᠧᠮᠧᠨ᠋ᠲ ᠦᠢᠯᠡᠳᠬᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ᠎ᠶᠢᠨ ᠪᠦᠲᠦᠭᠡᠭᠳᠡᠬᠦᠨ᠎ᠢ ᠦᠢᠯᠡᠳᠬᠦ᠂ ᠪᠦᠷᠢᠨ ᠪᠠᠷᠠᠭ᠎ᠠ᠎ᠶᠢ ᠵᠢᠵᠢᠭᠯᠡᠨ ᠬᠤᠳᠠᠯᠳᠤᠬᠤ ᠵᠡᠷᠭᠡ ᠤᠰᠤ ᠬᠡᠷᠡᠭᠯᠡᠬᠦ ᠨᠣᠷᠮ᠎ᠠ᠎ᠶᠢ ᠨᠠᠷᠢᠯᠢᠭ᠍ᠵᠢᠭᠤᠯᠵᠠᠢ᠃ ᠡᠭᠦᠨ᠎ᠦ ᠬᠠᠮᠲᠤ ᠬᠠᠭᠤᠷᠠᠢ᠎ᠪᠠᠷ ᠳᠠᠷᠢᠬᠤ ᠤᠰᠤᠨ ᠲᠤᠲᠤᠷᠭ᠎ᠠ᠂ ᠮᠧᠲ᠋ᠢᠯ ᠠᠯᠺᠣᠣᠯ᠎ᠢᠶᠠᠷ ᠠᠯᠺᠸᠨ ᠦᠢᠯᠡᠳᠬᠦ ᠵᠡᠷᠭᠡ ᠤᠯᠤᠰ᠎ᠠᠴᠠ ᠲᠦᠷ ᠲᠣᠭᠲᠠᠭᠠᠭᠠᠳᠤᠢ ᠠᠵᠢᠯ ᠲᠥᠷᠥᠯ᠎ᠦᠨ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠶᠢ ᠰᠢᠨ᠎ᠡ᠎ᠪᠡᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠶᠢᠨ ᠰᠢᠰᠲᠧᠮᠵᠢ᠎ᠶᠢ ᠨᠠᠩ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠬᠤ ᠵᠥᠪᠰᠢᠶᠡᠷᠡᠯ᠎ᠦᠨ ᠬᠠᠮᠢᠶᠠᠷᠤᠯᠲᠠ᠂ ᠲᠥᠯᠥᠪᠯᠡᠭᠡ᠎ᠲᠠᠢ᠎ᠪᠡᠷ ᠬᠡᠷᠡᠭᠯᠡᠬᠦ ᠤᠰᠤ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠥᠭᠡᠷᠡᠴᠢᠯᠡᠯᠲᠡ᠂ ᠤᠰᠤ ᠠᠷᠪᠢᠯᠠᠬᠤ᠎ᠶᠢ ᠦᠨᠡᠯᠡᠬᠦ᠂ ᠤᠰᠤᠨ᠎ᠤ ᠡᠬᠢ ᠪᠠᠶᠠᠯᠢᠭ᠋᠎ᠢ ᠨᠤᠲᠠᠯᠠᠬᠤ ᠵᠡᠷᠭᠡ ᠠᠵᠢᠯ᠎ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃