ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠲᠦᠷᠦᠭᠦᠬᠡᠨ 《 ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠬᠤ᠎ᠶᠢ ᠬᠢᠨᠠᠨ ᠰᠢᠯᠭᠠᠬᠤ ᠠᠷᠭ᠎ᠠ 》 ( ᠳᠣᠷᠣᠭ᠍ᠰᠢ 《 ᠠᠷᠭ᠎ᠠ 》 ᠭᠡᠵᠦ ᠲᠣᠪᠴᠢᠯᠠᠨ᠎ᠠ )᠎ᠶᠢ ᠳᠠᠷᠤᠮᠠᠯᠯᠠᠨ ᠲᠠᠷᠬᠠᠭᠠᠵᠤ᠂ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
《 ᠠᠷᠭ᠎ᠠ 》 ᠪᠣᠯ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ )᠎ᠶᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠢ ᠬᠢᠨᠠᠨ ᠰᠢᠯᠭᠠᠬᠤ ᠴᠢᠬᠤᠯᠠ ᠳᠦᠷᠢᠮ᠎ᠦᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠃ ᠡᠭᠦᠨ᠎ᠦ ᠭᠣᠣᠯ ᠵᠣᠷᠢᠯᠭ᠎ᠠ ᠪᠣᠯ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠪᠥᠭᠡᠳ ᠠᠮᠤᠷ ᠲᠦᠪᠰᠢᠨ᠎ᠢᠶᠡᠷ ᠠᠰᠢᠭ᠍ᠯᠠᠬᠤ᠎ᠶᠢ ᠴᠢᠩᠭᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠵᠤ᠂ ᠤᠰᠤᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠳᠠᠭᠠᠭᠠᠴᠠ᠎ᠶᠢᠨ ᠬᠡᠪᠴᠢᠶᠡᠨ᠎ᠳᠦ ᠬᠢᠵᠠᠭᠠᠷᠯᠠᠵᠤ᠂ ᠬᠢᠵᠠᠭᠠᠷ᠎ᠲᠠᠢ ᠤᠰᠤᠨ᠎ᠤ ᠡᠬᠢ ᠪᠠᠶᠠᠯᠢᠭ᠋᠎ᠢᠶᠠᠷ ᠴᠢᠨᠠᠷ ᠰᠠᠢᠲᠠᠢ ᠬᠥᠭᠵᠢᠯᠲᠡ᠎ᠶᠢ ᠪᠦᠲᠦᠮᠵᠢᠲᠡᠢ ᠲᠤᠯᠭᠠᠭᠤᠷᠢᠯᠠᠭᠤᠯᠬᠤ ᠪᠠ ᠪᠠᠲᠤᠯᠠᠬᠤ᠎ᠶᠢᠨ ᠲᠥᠯᠥᠭᠡ ᠶᠤᠮ᠃
《 ᠠᠷᠭ᠎ᠠ 》᠎ᠳᠤ᠂ ᠬᠢᠨᠠᠨ ᠰᠢᠯᠭᠠᠬᠤ ᠠᠵᠢᠯ ᠨᠢ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠢᠨᠠᠨ ᠰᠢᠯᠭᠠᠬᠤ ᠭᠦᠢᠴᠡᠳᠬᠡᠯ ᠲᠣᠭ᠎ᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠬᠤ ᠬᠡᠷᠡᠭᠲᠡᠢ ; ᠬᠠᠤᠯᠢ ᠲᠣᠭᠲᠠᠭᠠᠯ ᠶᠣᠰᠣᠭᠠᠷ᠂ ᠴᠣᠮᠬᠠᠳᠬᠠᠨ ᠥᠨᠳᠥᠷ ᠪᠦᠲᠦᠮᠵᠢᠲᠡᠶ ᠪᠠᠢᠯᠭᠠᠬᠤ᠎ᠶᠢ ᠪᠠᠷᠢᠮᠲᠠᠯᠠᠵᠤ᠂ ᠰᠢᠯᠭᠠᠨ ᠬᠢᠨᠠᠬᠤ ᠠᠭᠤᠯᠭ᠎ᠠ᠎ᠶᠢ ᠳᠥᠭᠥᠮᠴᠢᠯᠡᠨ ᠰᠢᠯᠢᠳᠡᠭᠵᠢᠭᠦᠯᠦᠨ᠎ᠡ ; ᠰᠢᠯᠭᠠᠯᠲᠠ᠎ᠪᠠᠷ ᠺᠠᠳ᠋ᠷ᠎ᠢ ᠠᠬᠢᠭᠤᠯᠬᠤ᠂ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠎ᠶᠢ ᠪᠠᠷᠢᠮᠲᠠᠯᠠᠵᠤ᠂ ᠬᠢᠨᠠᠨ ᠰᠢᠯᠭᠠᠭᠰᠠᠨ ᠦᠷ᠎ᠡ ᠳ᠋ᠦᠩ᠎ᠦᠨ ᠬᠡᠷᠡᠭᠯᠡᠯᠲᠡ᠎ᠶᠢ ᠴᠢᠩᠭᠠᠳᠬᠠᠨ᠎ᠠ᠃ ᠰᠢᠯᠭᠠᠨ ᠬᠢᠨᠠᠬᠤ ᠠᠭᠤᠯᠭ᠎ᠠ᠎ᠳᠤ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠦᠨ ᠬᠠᠷᠠᠯᠲᠠ᠎ᠶᠢ ᠪᠡᠶᠡᠯᠡᠭᠦᠯᠦᠭᠰᠡᠨ ᠪᠠᠢᠳᠠᠯ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠤᠰᠤᠨ᠎ᠤ ᠬᠡᠮᠵᠢᠶ᠎ᠡ᠎ᠶᠢ ᠦᠨᠳᠦᠰᠦᠯᠡᠨ ᠤᠷᠤᠭᠰᠢᠯᠠᠬᠤ᠎ᠶᠢ ᠲᠦᠯᠬᠢᠨ ᠠᠬᠢᠭᠤᠯᠤᠭᠰᠠᠨ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠭᠰᠠᠨ᠂ ᠤᠰᠤᠨ᠎ᠤ ᠡᠬᠢ ᠪᠠᠶᠠᠯᠢᠭ᠋᠎ᠢ ᠬᠠᠮᠠᠭᠠᠯᠠᠬᠤ ᠪᠠ ᠳᠠᠭᠠᠭᠠᠴᠠ᠎ᠠᠴᠠ ᠬᠡᠲᠦᠷᠡᠲᠡᠯ᠎ᠡ ᠠᠴᠢᠶᠠᠯᠠᠬᠤ᠎ᠶᠢ ᠵᠠᠰᠠᠭᠰᠠᠨ᠂ ᠤᠰᠤᠨ᠎ᠤ ᠡᠬᠢ ᠪᠠᠶᠠᠯᠢᠭ᠋᠎ᠢ ᠬᠢᠨᠠᠨ ᠬᠠᠮᠢᠶᠠᠷᠬᠤ ᠵᠡᠷᠭᠡ ᠡᠭᠦᠷᠭᠡ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ ᠪᠠᠢᠳᠠᠯ ᠵᠢᠴᠢ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠦᠭᠰᠡᠨ ᠪᠠᠢᠳᠠᠯ᠎ᠢ ᠪᠠᠭᠲᠠᠭᠠᠨ᠎ᠠ᠃ ᠬᠢᠨᠠᠨ ᠰᠢᠯᠭᠠᠬᠤ᠎ᠶᠢ ᠵᠢᠯ ᠪᠦᠷᠢ ᠨᠢᠭᠡ ᠤᠳᠠᠭ᠎ᠠ ᠥᠷᠨᠢᠭᠦᠯᠦᠨ᠎ᠡ᠂ ᠡᠭᠦᠨ᠎ᠳᠦ ᠭᠣᠣᠯᠳᠠᠭᠤ ᠥᠪᠡᠰᠦᠪᠡᠨ ᠦᠨᠡᠯᠡᠬᠦ᠂ ᠬᠠᠷᠭᠤᠭᠤᠯᠤᠨ ᠪᠠᠢᠴᠠᠭᠠᠵᠤ ᠬᠤᠪᠢ ᠲᠣᠭᠲᠠᠭᠠᠬᠤ ᠂ ᠶᠡᠷᠦᠩᠬᠡᠢᠯᠡᠨ ᠦᠨᠡᠯᠡᠬᠦ᠂ ᠦᠷ᠎ᠡ ᠳ᠋ᠦᠩ᠎ᠢ ᠬᠠᠷᠢᠭᠤ ᠲᠤᠰᠬᠠᠬᠤ ᠵᠢᠴᠢ ᠵᠠᠷᠯᠠᠨ ᠨᠡᠢᠲᠡᠯᠡᠬᠦ ᠵᠡᠷᠭᠡ ᠲᠠᠰ ᠳᠠᠷᠠᠭᠠᠯᠠᠯ᠎ᠢ ᠪᠠᠭᠲᠠᠭᠠᠨ᠎ᠠ᠂ ᠬᠢᠨᠠᠨ ᠰᠢᠯᠭᠠᠭᠰᠠᠨ ᠦᠷ᠎ᠡ ᠳ᠋ᠦᠩ᠎ᠢ ᠰᠢᠯᠢᠳᠡᠭ᠂ ᠰᠠᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠬᠦ ᠳᠥᠷᠪᠡᠨ ᠲᠠᠰ ᠬᠤᠪᠢᠶᠠᠵᠤ᠂ ᠬᠢᠨᠠᠨ ᠰᠢᠯᠭᠠᠭᠰᠠᠨ ᠦᠷ᠎ᠡ ᠳ᠋ᠦᠩ᠎ᠢ ᠺᠠᠳ᠋ᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠲᠤᠰᠢᠶᠠᠵᠤ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ )᠎ᠶᠢᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ ᠪᠠ ᠤᠳᠤᠷᠢᠳᠬᠤ ᠪᠠᠭ᠎ᠤᠨ ᠶᠡᠷᠦᠩᠬᠡᠢᠯᠡᠨ ᠬᠢᠨᠠᠨ ᠰᠢᠯᠭᠠᠵᠤ ᠦᠨᠡᠯᠡᠬᠦ᠎ᠶᠢᠨ ᠴᠢᠬᠤᠯᠠ ᠯᠠᠪᠯᠠᠯᠲᠠ ᠪᠣᠯᠭᠠᠨ᠎ᠠ ᠭᠡᠵᠦ ᠲᠣᠭᠲᠠᠭᠠᠵᠠᠢ᠃
《 ᠠᠷᠭ᠎ᠠ 》᠎ᠳᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠬᠤ ᠠᠵᠢᠯ᠎ᠤᠨ ᠳᠤᠮᠳᠠ ᠢᠯᠡᠳᠲᠡ ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠣᠯᠪᠣᠭᠳᠠᠯ ᠪᠦᠬᠦᠢ ᠬᠥᠬᠢᠭᠦᠯᠦᠨ ᠱᠠᠩᠨᠠᠬᠤ᠎ᠳᠤ ᠪᠣᠳᠣᠯᠬᠢᠯᠠᠬᠤ ᠬᠡᠷᠡᠭᠲᠡᠢ ; ᠬᠢᠨᠠᠨ ᠰᠢᠯᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ ᠪᠠᠢᠪᠠᠯ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠳᠤ ᠪᠢᠴᠢᠭ᠎ᠢᠶᠡᠷ ᠮᠡᠳᠡᠭᠦᠯᠬᠦ ᠬᠡᠷᠡᠭᠲᠡᠢ ; ᠰᠢᠯᠭᠠᠨ ᠬᠢᠨᠠᠬᠤ ᠳᠤᠮᠳᠠ ᠢᠯᠡᠷᠡᠭᠦᠯᠦᠭᠰᠡᠨ ᠪᠤᠶᠤ ᠴᠡᠭᠴᠡᠯᠡᠨ ᠰᠠᠢᠵᠢᠷᠠᠭᠤᠯᠬᠤ ᠳᠤᠮᠳᠠ ᠬᠦᠨᠳᠦ ᠶᠡᠬᠡ ᠬᠠᠷᠢᠭᠤᠴᠠᠯᠭ᠎ᠠ᠎ᠪᠠᠨ ᠠᠯᠳᠠᠭᠰᠠᠨ ᠪᠠᠢᠳᠠᠯ ᠢᠯᠡᠷᠡᠭᠰᠡᠨ ᠪᠠᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃