ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠰᠣᠷᠣᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2026-01-17

      1 ᠰᠠᠷ᠎ᠠ᠎ᠶᠢᠨ 8᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠪᠠ᠃
      ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠨᠢ ᠪᠦᠬᠦ ᠨᠠᠮ᠎ᠤᠨ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠳᠤ ᠦᠯᠢᠭᠡᠷ ᠳᠠᠭᠤᠷᠢᠶᠠᠯ ᠪᠣᠯᠵᠤ᠂ ᠬᠡᠪ ᠳᠠᠭᠤᠷᠢᠶᠠᠯ ᠪᠣᠯᠤᠭᠰᠠᠨ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠠᠲᠤ ᠢᠲᠡᠭᠡᠵᠦ᠂ ᠪᠣᠳᠠᠲᠠᠢ᠎ᠶᠢ ᠡᠷᠬᠢᠮᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠪᠡᠶ᠎ᠡ᠎ᠪᠡᠨ ᠱᠠᠭᠠᠷᠳᠠᠵᠤ᠂ ᠵᠠᠪᠠᠯ ᠢᠯᠠᠬᠤ ᠢᠲᠡᠭᠡᠯ ᠵᠣᠷᠢᠭ᠋᠎ᠢᠶᠠᠨ ᠪᠠᠲᠤᠳᠬᠠᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠎ᠳᠦ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠤᠯᠤᠰ ᠲᠦᠷᠦ᠎ᠶᠢᠨ ᠦᠨᠡᠨᠴᠢ ᠰᠢᠳᠤᠷᠭᠤ᠎ᠶᠢ ᠴᠢᠩᠭᠠᠳᠬᠠᠵᠤ᠂ ᠤᠯᠤᠰ ᠲᠦᠷᠦ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠴᠢᠨᠠᠭᠰᠢᠳᠠ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢ ᠴᠢᠩᠭᠠᠳᠬᠠᠵᠤ᠂ 《 ᠲᠦᠷᠪᠡᠨ ᠢᠲᠡᠭᠡᠯ 》᠎ᠢ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠂ ᠢᠮᠠᠭᠲᠠ ᠤᠯᠤᠰ ᠲᠦᠷᠦ᠎ᠶᠢᠨ ᠵᠣᠭᠰᠣᠯᠲᠠ᠂ ᠤᠯᠤᠰ ᠲᠦᠷᠦ᠎ᠶᠢᠨ ᠴᠢᠭᠯᠡᠯ᠂ ᠤᠯᠤᠰ ᠲᠦᠷᠦ᠎ᠶᠢᠨ ᠵᠠᠷᠴᠢᠮ᠂ ᠤᠯᠤᠰ ᠲᠦᠷᠦ᠎ᠶᠢᠨ ᠵᠠᠮ ᠳᠡᠭᠡᠷ᠎ᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠦᠨᠳᠦᠰᠦ ᠰᠠᠭᠤᠷᠢ᠎ᠪᠠᠨ ᠪᠠᠲᠤᠳᠬᠠᠵᠤ ᠂ ᠨᠠᠮᠴᠢ ᠴᠢᠨᠠᠷ᠎ᠢᠶᠠᠨ ᠴᠢᠩᠭᠠᠳᠬᠠᠵᠤ ᠂ ᠤᠬᠠᠮᠰᠠᠷ᠎ᠠᠴᠠ᠎ᠪᠠᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ ᠰᠠᠢᠲᠤᠷ ᠬᠡᠷᠡᠭᠯᠡᠬᠦ᠎ᠶᠢ ᠣᠷᠣᠰᠢᠨ ᠲᠣᠭᠲᠠᠨᠢᠬᠤ᠎ᠶᠢᠨ ᠦᠨᠳᠦᠰᠦ᠂ ᠡᠭᠦᠷᠭᠡ ᠲᠤᠰᠢᠶᠠᠯ᠎ᠢᠶᠠᠨ ᠭᠦᠢᠴᠡᠳᠬᠡᠬᠦ᠎ᠶᠢᠨ ᠰᠠᠭᠤᠷᠢ ᠪᠣᠯᠭᠠᠵᠤ᠂ ᠨᠡᠩ ᠶᠡᠬᠡ ᠬᠦᠴᠦ ᠣᠷᠣᠭᠤᠯᠵᠤ ᠪᠠᠢᠭᠠᠳ ᠲᠡᠭᠦᠨ᠎ᠳᠦ ᠠᠭᠤᠯᠤᠭᠳᠠᠵᠤ ᠪᠠᠢᠭ᠎ᠠ ᠢᠲᠡᠭᠡᠯ ᠪᠢᠰᠢᠷᠡᠯ᠎ᠦᠨ ᠦᠵᠡᠯᠲᠡ᠂ ᠲᠡᠦᠬᠡ᠎ᠶᠢᠨ ᠦᠵᠡᠯᠲᠡ᠂ ᠳᠡᠯᠡᠬᠡᠢ ᠳ᠋ᠠᠬᠢᠨ᠎ᠤ ᠦᠵᠡᠯᠲᠡ᠎ᠶᠢ ᠰᠤᠷᠤᠯᠴᠠᠨ ᠣᠢᠯᠠᠭᠠᠵᠤ᠂ ᠲᠡᠭᠦᠨ᠎ᠦ ᠳᠤᠮᠳᠠ᠎ᠠᠴᠠ ᠤᠯᠤᠰ ᠲᠦᠷᠦ᠎ᠶᠢᠨ ᠤᠶᠤᠨ ᠤᠬᠠᠭᠠᠨ ᠪᠠ ᠨᠠᠮᠴᠢ ᠴᠢᠨᠠᠷ᠎ᠤᠨ ᠰᠢᠮ᠎ᠡ ᠲᠡᠵᠢᠭᠡᠯ᠎ᠢ ᠰᠢᠩᠭᠡᠬᠡᠨ ᠠᠪᠴᠤ᠂ ᠡᠷᠡᠰ ᠪᠠᠲᠤ ᠮᠠᠷᠺᠰ᠎ᠤᠨ ᠦᠵᠡᠯᠲᠡᠨ ᠪᠣᠯᠵᠤ᠂ ᠤᠶᠤᠨ ᠰᠠᠨᠠᠭᠠᠨ᠎ᠤ ᠲᠤᠯᠭᠠᠭᠤᠷᠢ᠎ᠶᠢ ᠢᠮᠠᠭᠲᠠ ᠰᠢᠯᠵᠢᠰᠢ ᠦᠭᠡᠢ ᠪᠠᠢᠯᠭᠠᠬᠤ᠎ᠶᠢ ᠪᠠᠲᠤᠯᠠᠬᠤ ᠬᠡᠷᠡᠭᠲᠡᠢ᠃ ᠠᠷᠠᠳ ᠲᠦᠮᠡᠨ᠎ᠢ ᠪᠢᠰᠢᠷᠡᠨ ᠵᠢᠷᠦᠬᠡᠰᠢᠶᠡᠵᠦ᠂ ᠵᠣᠬᠢᠶᠠᠨ ᠪᠠᠢᠭᠤᠯᠤᠯᠲᠠ᠎ᠶᠢ ᠪᠢᠰᠢᠷᠡᠨ ᠵᠢᠷᠦᠬᠡᠰᠢᠶᠡᠵᠦ᠂ ᠬᠠᠤᠯᠢ ᠰᠠᠬᠢᠯᠭ᠎ᠠ᠎ᠶᠢ ᠪᠢᠰᠢᠷᠡᠨ ᠵᠢᠷᠦᠬᠡᠰᠢᠶᠡᠵᠦ᠂ ᠠᠷᠠᠳ ᠤᠯᠠᠨ ᠯᠤᠭ᠎ᠠ᠎ᠶᠢᠨ ᠴᠢᠰᠤ ᠮᠢᠬᠠᠨ᠎ᠤ ᠪᠠᠷᠢᠯᠳᠤᠯᠭ᠎ᠠ᠎ᠶᠢ ᠢᠮᠠᠭᠲᠠ ᠪᠠᠷᠢᠮᠲᠠᠯᠠᠵᠤ᠂ ᠵᠣᠬᠢᠶᠠᠨ ᠪᠠᠢᠭᠤᠯᠤᠯᠲᠠ᠎ᠶᠢᠨ ᠵᠠᠷᠴᠢᠮ᠎ᠢ ᠡᠷᠡᠰ ᠵᠢᠷᠤᠮᠯᠠᠵᠤ᠂ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠢ ᠡᠷᠡᠰ ᠬᠡᠷᠡᠭᠵᠢᠭᠦᠯᠵᠦ᠂ ᠵᠣᠬᠢᠶᠠᠨ ᠪᠠᠢᠭᠤᠯᠤᠯᠲᠠ᠎ᠶᠢᠨ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠂ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠴᠢᠩᠭ᠎ᠠ ᠵᠢᠷᠤᠮᠯᠠᠵᠤ᠂ ᠤᠬᠠᠮᠰᠠᠷ᠎ᠠᠴᠠ᠎ᠪᠠᠨ ᠳᠦᠷᠢᠮ ᠲᠣᠭᠲᠠᠭᠠᠯ ᠶᠣᠰᠣᠭᠠᠷ ᠠᠵᠢᠯᠯᠠᠬᠤ ᠬᠡᠷᠡᠭᠲᠡᠢ᠃ ᠠᠵᠢᠯ ᠶᠠᠪᠤᠳᠠᠯ ᠬᠢᠵᠦ ᠦᠢᠯᠡᠰ ᠪᠣᠰᠬᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ᠋᠎ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠦᠢᠯᠡᠰ᠎ᠢ ᠪᠠᠲᠤᠯᠠᠬᠤ᠎ᠳᠤ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠣᠷᠣᠯᠴᠠᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ 《 ᠭᠤᠷᠪᠠᠨ ᠡᠷᠬᠡᠪᠰᠢ 》 ᠶ᠋ᠢ ᠢᠮᠠᠭᠲᠠ ᠪᠠᠲᠤ ᠴᠡᠭᠡᠵᠢᠯᠡᠬᠦ ᠪᠠ ᠦᠢᠯᠡᠳᠦᠯᠭᠡᠵᠢᠭᠦᠯᠵᠦ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ 《 ᠲᠠᠪᠤ᠎ᠶᠢ ᠴᠢᠨᠠᠭᠰᠢᠳᠠ ᠪᠣᠳᠠᠲᠠᠢᠵᠢᠭᠤᠯᠬᠤ 》 ᠶ᠋ᠢ ᠠᠬᠢᠭᠤᠯᠬᠤ ᠴᠢᠬᠤᠯᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ᠎ᠶᠢ ᠭᠦᠨᠵᠡᠭᠡᠢᠷᠡᠭᠦᠯᠬᠦ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢᠶᠠᠷ ᠬᠡᠪ ᠳᠠᠭᠤᠷᠢᠶᠠᠯ ᠪᠣᠯᠭᠠᠵᠤ᠂ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ ᠤᠨᠤᠯ᠎ᠤᠨ ᠰᠤᠷᠤᠯᠴᠠᠯᠭ᠎ᠠ᠎ᠶᠢ ᠰᠠᠢᠲᠤᠷ ᠠᠳᠬᠤᠵᠤ᠂ ᠰᠡᠳᠬᠢᠯ᠎ᠦᠨ ᠦᠭᠡ᠎ᠪᠡᠨ ᠬᠡᠯᠡᠯᠴᠡᠨ ᠶᠠᠷᠢᠯᠴᠠᠬᠤ᠎ᠶᠢ ᠭᠦᠨᠵᠡᠭᠡᠢ ᠥᠷᠨᠢᠭᠦᠯᠵᠦ᠂ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠰᠣᠨᠣᠰᠴᠤ᠂ ᠭᠦᠨᠵᠡᠭᠡᠢ ᠵᠠᠳᠠᠯᠤᠨ ᠰᠢᠨᠵᠢᠵᠦ ᠪᠠᠢᠴᠠᠭᠠᠨ ᠦᠵᠡᠵᠦ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠵᠢᠴᠢ ᠶᠠᠮᠤᠨ᠎ᠤ ᠬᠠᠷᠢᠶ᠎ᠠ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠢᠨᠠᠷ ᠰᠠᠢᠲᠠᠢ ᠰᠠᠢᠲᠤᠷ ᠬᠢᠬᠦ᠎ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            