ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠶᠡᠷᠦᠩᠬᠡᠢ ᠱᠦᠵᠢ ᠰᠢ᠎ᠶᠢᠨ ᠫᠢᠩ᠎ᠦᠨ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》᠎ᠤ ᠠᠵᠢᠯ᠎ᠢ ᠰᠠᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠠ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2026-01-16

       12 ᠰᠠᠷ᠎ᠠ᠎ᠶᠢᠨ 31᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》᠎ᠤ ᠠᠵᠢᠯ᠎ᠢ ᠰᠠᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠠ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
       ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2026 ᠣᠨ᠎ᠤ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢᠨ ᠬᠠᠷᠠᠯᠲᠠ᠎ᠶᠢ ᠲᠣᠭᠲᠠᠭᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠦᠨ ᠬᠥᠳᠡᠭᠡ ᠲᠣᠰᠬᠣᠨ᠎ᠤ ᠤᠰᠤᠨ ᠠᠰᠢᠭ᠍ᠯᠠᠯᠲᠠ᠎ᠶᠢᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠨ ᠬᠡᠷᠡᠭᠵᠢᠭᠦᠯᠵᠦ᠂ ᠬᠥᠳᠡᠭᠡ ᠠᠵᠤ ᠠᠬᠤᠢ᠎ᠶᠢᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠣᠨ ᠬᠥᠳᠡᠭᠡ ᠠᠵᠤ ᠠᠬᠤᠢ᠎ᠶᠢᠨ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠪᠠᠷ ᠶᠠᠳᠠᠭᠤ᠎ᠶᠢ ᠲᠡᠳᠬᠦᠬᠦ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠦ ᠠᠰᠠᠭᠤᠳᠠᠯ ᠦᠯᠦ ᠭᠠᠷᠬᠤ ᠬᠣᠷᠢᠭ᠎ᠠ ᠱᠤᠭᠤᠮ᠎ᠢ ᠡᠷᠡᠰ ᠰᠠᠬᠢᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠭᠠᠬᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠠᠬᠢᠨ ᠰᠢᠨ᠎ᠡ ᠳᠡᠭᠲᠡᠷ᠎ᠲᠦ ᠭᠠᠷᠭᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠠᠴᠠ᠂ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠰᠢᠨ᠎ᠡ ᠨᠢᠭᠡ ᠡᠭᠡᠯᠵᠢ᠎ᠶᠢᠨ ᠮᠢᠩᠭᠠᠨ ᠳ᠋ᠦᠩᠰᠢᠭᠤᠷ ᠵᠢᠩ᠎ᠦᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠦᠴᠦᠯᠡᠨ ᠬᠡᠷᠡᠭᠵᠢᠭᠦᠯᠬᠦ᠎ᠪᠡᠷ ᠭᠣᠣᠯᠳᠠᠭᠤᠯᠵᠤ᠂ ᠨᠢᠭᠡ ᠪᠦᠯᠦᠭ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠨᠢᠭᠡ ᠪᠦᠯᠦᠭ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠎ᠶᠢ ᠬᠡᠷᠡᠭᠵᠢᠭᠦᠯᠦᠨ᠂ ᠤᠰᠤᠯᠠᠬᠤ ᠤᠰᠤ ᠵᠠᠯᠠᠬᠤ ᠬᠥᠭᠡᠷᠭᠡ᠎ᠶᠢᠨ ᠥᠷᠲᠡᠭᠡ᠎ᠶᠢ ᠳᠡᠭᠡᠭᠰᠢᠯᠡᠭᠦᠯᠦᠨ ᠥᠭᠡᠷᠡᠴᠢᠯᠡᠬᠦ᠎ᠶᠢ ᠴᠢᠩᠭᠠᠳᠬᠠᠵᠤ᠂ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠵᠣᠯᠭᠠᠭᠤᠯᠬᠤ᠎ᠶᠢ ᠰᠠᠢᠲᠤᠷ ᠬᠢᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ ᠳᠦᠷᠢᠮ᠎ᠦᠨ ᠰᠢᠰᠲᠧᠮᠵᠢ᠎ᠶᠢ ᠲᠡᠭᠦᠯᠳᠡᠷᠵᠢᠭᠦᠯᠦᠨ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠰᠤᠯᠠᠯᠲᠠ᠎ᠶᠢᠨ ᠣᠷᠣᠨ᠎ᠤ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶᠢᠨ ᠰᠢᠨ᠎ᠡ ᠲᠣᠭᠲᠠᠴᠠ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠬᠦ ᠬᠡᠷᠡᠭᠲᠡᠢ ; ᠤᠰᠤ ᠭᠠᠩ᠎ᠤᠨ ᠭᠠᠮᠰᠢᠭ᠋᠎ᠢ ᠰᠡᠷᠭᠡᠢᠯᠡᠨ ᠬᠣᠷᠢᠭ᠍ᠯᠠᠬᠤ ᠰᠢᠰᠲᠧᠮ᠎ᠢ ᠲᠡᠭᠦᠯᠳᠡᠷᠵᠢᠭᠦᠯᠵᠦ᠂ ᠠᠭᠤᠯᠠᠨ ᠦᠶᠡᠷ᠎ᠦᠨ ᠭᠠᠮᠰᠢᠭ᠋᠎ᠢ ᠰᠡᠷᠭᠡᠢᠯᠡᠨ ᠵᠠᠰᠠᠬᠤ ᠪᠠ ᠳᠤᠮᠳᠠ ᠵᠢᠵᠢᠭ ᠭᠣᠣᠯ ᠮᠥᠷᠡᠨ᠎ᠢ ᠵᠠᠰᠠᠬᠤ ᠠᠵᠢᠯ᠎ᠢ ᠲᠦᠯᠬᠢᠨ ᠠᠬᠢᠭᠤᠯᠵᠤ᠂ ᠲᠠᠷᠢᠶᠠᠨ ᠭᠠᠵᠠᠷ᠎ᠤᠨ ᠭᠤᠤ ᠰᠤᠪᠠᠭ᠎ᠢ ᠵᠠᠰᠠᠨ ᠰᠡᠷᠭᠦᠭᠡᠵᠦ ᠴᠡᠭᠴᠡᠯᠡᠨ ᠵᠠᠰᠠᠬᠤ ᠪᠠ ᠲᠠᠯ᠎ᠠ ᠭᠠᠵᠠᠷ᠎ᠤᠨ ᠤᠰᠤᠲᠤᠭᠰᠠᠨ ᠣᠷᠣᠨ᠎ᠢ ᠵᠠᠰᠠᠬᠤ ᠭᠤᠷᠪᠠᠨ ᠵᠢᠯ᠎ᠦᠨ ᠠᠵᠢᠯᠯᠠᠭ᠎ᠠ᠎ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ᠃ 《 ᠮᠢᠩᠭ᠎ᠠ ᠲᠦᠮᠡ᠎ᠶᠢᠨ ᠢᠨᠵᠧᠨᠧᠷᠢᠩ 》᠎ᠤᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠣᠨ᠎ᠤ ᠤᠰᠤ ᠬᠠᠩᠭᠠᠬᠤ ᠢᠨᠵᠧᠨᠧᠷᠢᠩ᠎ᠦᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠤ ᠤᠰᠤ ᠬᠠᠩᠭᠠᠬᠤ 《 3+1 》 ᠪᠠᠷᠢᠮᠵᠢᠶᠠᠵᠢᠭ᠍ᠰᠠᠨ ᠪᠦᠲᠦᠭᠡᠨ ᠪᠠᠢᠭᠤᠯᠤᠯᠲᠠ ᠪᠣᠯᠣᠨ ᠬᠠᠮᠢᠶᠠᠷᠴᠤ ᠬᠠᠮᠠᠭᠠᠯᠠᠬᠤ ᠵᠠᠭᠪᠤᠷ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠴᠢᠨᠠᠭᠰᠢᠳᠠ ᠠᠬᠢᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠥᠳᠡᠭᠡ ᠲᠣᠰᠬᠣᠨ᠎ᠤ ᠲᠠᠷᠠᠬᠠᠢ ᠪᠤᠲᠠᠷᠬᠠᠢ ᠤᠰᠤ ᠬᠡᠷᠡᠭᠯᠡᠵᠦ ᠪᠠᠢᠭ᠎ᠠ ᠡᠷᠦᠬᠡ᠎ᠳᠤ ᠤᠰᠤ ᠬᠠᠩᠭᠠᠬᠤ᠎ᠶᠢ ᠪᠠᠲᠤᠯᠠᠬᠤ ᠨᠤᠷᠮ᠎ᠠ᠂ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠬᠦ ᠨᠤᠷᠮ᠎ᠠ᠎ᠶᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠤᠰᠤ ᠬᠠᠩᠭᠠᠬᠤ᠎ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠤ ᠭᠣᠣᠯ ᠮᠥᠷᠡᠨ ᠨᠠᠭᠤᠷ ᠴᠥᠭᠥᠷᠥᠮ᠎ᠢ ᠬᠠᠮᠢᠶᠠᠷᠴᠤ ᠬᠠᠮᠠᠭᠠᠯᠠᠬᠤ ᠪᠣᠭᠣᠮᠲᠠ ᠰᠢᠪᠲᠤᠯᠬᠤ ᠠᠵᠢᠯᠯᠠᠭ᠎ᠠ᠎ᠶᠢ ᠬᠡᠷᠡᠭᠵᠢᠭᠦᠯᠬᠦ ᠬᠡᠷᠡᠭᠲᠡᠢ᠃ ᠲᠠᠬᠢᠨ ᠶᠠᠳᠠᠭᠤᠷᠠᠬᠤ᠎ᠡᠴᠡ ᠰᠡᠷᠭᠡᠢᠯᠡᠬᠦ᠂ ᠪᠠᠢᠩᠭᠤᠵᠢᠭ᠍ᠰᠠᠨ ᠤᠰᠤᠨ ᠠᠰᠢᠭ᠍ᠯᠠᠯᠲᠠ᠎ᠶᠢᠨ ᠬᠠᠪᠰᠤᠷᠤᠨ ᠲᠡᠳᠬᠦᠬᠦ ᠲᠦᠷᠦ᠎ᠶᠢᠨ ᠪᠣᠳᠣᠯᠭ᠎ᠠ᠎ᠶᠢ ᠪᠦᠷᠢᠨᠰᠢᠭᠦᠯᠬᠦ ᠲᠣᠭᠣᠷᠢᠨ᠎ᠳᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠣᠨ᠂ ᠬᠢᠯᠢ ᠬᠢᠵᠠᠭᠠᠷ ᠣᠷᠣᠨ᠎ᠤ ᠤᠰᠤᠨ ᠠᠰᠢᠭ᠍ᠯᠠᠯᠲᠠ᠎ᠶᠢᠨ ᠬᠠᠪᠰᠤᠷᠤᠯᠭ᠎ᠠ ᠳᠡᠮᠵᠢᠯᠭᠡ᠎ᠶᠢ ᠴᠢᠩᠭᠠᠳᠬᠠᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠠᠵᠢᠯ ᠲᠦᠷᠦᠯ᠎ᠦᠨ ᠰᠢᠰᠲᠧᠮ᠎ᠢᠶᠡᠷ᠎ᠢᠶᠡᠨ ᠳᠡᠮᠵᠢᠬᠦ ᠵᠡᠷᠭᠡ ᠠᠵᠢᠯ᠎ᠢ ᠰᠠᠢᠲᠤᠷ ᠠᠳᠬᠤᠵᠤ᠂ ᠬᠥᠳᠡᠭᠡ ᠲᠣᠰᠬᠣᠨ᠎ᠤ ᠤᠰᠤᠨ ᠠᠰᠢᠭ᠍ᠯᠠᠯᠲᠠ᠎ᠶᠢᠨ ᠪᠠᠲᠤᠯᠠᠭ᠎ᠠ᠎ᠶᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ᠎ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            