ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠤ ᠺᠠᠽᠠᠭᠰᠲ᠋ᠠᠨ᠎ᠤ ᠬᠢᠯᠢ ᠰᠤᠨᠳᠠᠯᠠᠭᠰᠠᠨ ᠭᠣᠣᠯ ᠮᠥᠷᠡᠨ᠎ᠢ ᠠᠰᠢᠭ᠍ᠯᠠᠬᠤ ᠪᠠ ᠬᠠᠮᠠᠭᠠᠯᠠᠬᠤ ᠬᠣᠯᠪᠣᠭᠠᠲᠤ ᠵᠥᠪᠯᠡᠯ᠎ᠦᠨ ᠬᠣᠷᠢᠨ ᠨᠢᠭᠡᠳᠦᠭᠡᠷ ᠤᠳᠠᠭ᠎ᠠ᠎ᠶᠢᠨ ᠬᠤᠷᠠᠯ ᠠᠮᠵᠢᠯᠲᠠ᠎ᠲᠠᠢ ᠬᠤᠷᠠᠯᠳᠤᠪᠠ
ᠨᠡᠶ᠋ᠢᠲᠡᠯᠡᠭᠰᠡᠨ ᠴᠠᠭ᠄ 2026-01-16

      ᠳᠤᠮᠳᠠᠳᠤ ᠺᠠᠽᠠᠭᠰᠲ᠋ᠠᠨ᠎ᠤ ᠬᠢᠯᠢ ᠰᠤᠨᠳᠠᠯᠠᠭᠰᠠᠨ ᠭᠣᠣᠯ ᠮᠥᠷᠡᠨ᠎ᠢ ᠠᠰᠢᠭ᠍ᠯᠠᠬᠤ ᠪᠠ ᠬᠠᠮᠠᠭᠠᠯᠠᠬᠤ ᠬᠣᠯᠪᠣᠭᠠᠲᠤ ᠵᠥᠪᠯᠡᠯ᠎ᠦᠨ ᠬᠣᠷᠢᠨ ᠨᠢᠭᠡᠳᠦᠭᠡᠷ ᠤᠳᠠᠭ᠎ᠠ᠎ᠶᠢᠨ ᠬᠤᠷᠠᠯ 2025 ᠣᠨ᠎ᠤ 12 ᠰᠠᠷ᠎ᠠ᠎ᠶᠢᠨ 25᠎ᠤ ᠡᠳᠦᠷ᠎ᠡᠴᠡ 27᠎ᠤ ᠡᠳᠦᠷ ᠪᠣᠯᠲᠠᠯ᠎ᠠ ᠺᠠᠽᠠᠭᠰᠲ᠋ᠠᠨ᠎ᠤ ᠠᠯᠮᠠ︱ᠠᠲ᠋ᠠ ᠬᠤᠳᠠ᠎ᠳᠤ ᠶᠠᠪᠤᠭᠳᠠᠪᠠ᠃
      ᠬᠣᠯᠪᠣᠭᠠᠲᠤ ᠵᠥᠪᠯᠡᠯ᠎ᠦᠨ ᠳᠤᠮᠳᠠᠳᠤ᠎ᠶᠢᠨ ᠲᠠᠯ᠎ᠠ᠎ᠶᠢᠨ ᠲᠥᠯᠥᠭᠡᠯᠡᠭᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠯᠢᠦ ᠳ᠋ᠦᠩ ᠱᠦᠨ ᠪᠣᠯᠣᠨ ᠬᠣᠯᠪᠣᠭᠠᠲᠤ ᠵᠥᠪᠯᠡᠯ᠎ᠦᠨ ᠺᠠᠽᠠᠭᠰᠲ᠋ᠠᠨ᠎ᠤ ᠲᠠᠯ᠎ᠠ᠎ᠶᠢᠨ ᠲᠥᠯᠥᠭᠡᠯᠡᠭᠴᠢ᠂ ᠺᠠᠽᠠᠭᠰᠲ᠋ᠠᠨ᠎ᠤ ᠤᠰᠤᠨ᠎ᠤ ᠡᠬᠢ ᠪᠠᠶᠠᠯᠢᠭ᠋ ᠪᠣᠯᠣᠨ ᠤᠰᠤᠯᠠᠯᠲᠠ᠎ᠶᠢᠨ ᠶᠠᠮᠤᠨ᠎ᠤ ᠨᠢᠭᠡᠳᠦᠭᠡᠷ ᠳᠡᠳ᠋ ᠰᠠᠢᠳ ᠠᠷᠳᠠᠮᠵᠠᠯᠤᠹ ᠲᠤᠰ ᠲᠤᠰ ᠬᠣᠶᠠᠷ ᠲᠠᠯ᠎ᠠ᠎ᠶᠢᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠬᠤᠷᠠᠯ᠎ᠳᠤ ᠣᠷᠣᠯᠴᠠᠪᠠ᠃ ᠬᠤᠷᠠᠯ ᠨᠢ ᠨᠥᠬᠥᠷᠰᠡᠭ᠂ ᠪᠣᠳᠠᠲᠠᠢ᠎ᠶᠢ ᠡᠷᠬᠢᠮᠯᠡᠬᠦ ᠪᠠ ᠪᠦᠲᠦᠭᠡᠯᠴᠢ ᠴᠢᠨᠠᠷᠲᠠᠢ ᠠᠭᠤᠷ ᠠᠮᠢᠰᠬᠤᠯ᠎ᠤᠨ ᠳᠤᠮᠳᠠ ᠶᠠᠪᠤᠭᠳᠠᠵᠤ᠂ ᠬᠣᠶᠠᠷ ᠲᠠᠯ᠎ᠠ᠎ᠪᠠᠷ᠎ᠢᠶᠠᠨ ᠬᠣᠯᠪᠣᠭᠠᠲᠤ ᠵᠥᠪᠯᠡᠯ᠎ᠦᠨ ᠬᠢᠯᠢ ᠰᠤᠨᠳᠠᠯᠠᠭᠰᠠᠨ ᠭᠣᠣᠯ ᠮᠥᠷᠡᠨ᠎ᠦ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠠᠬᠢᠭᠤᠯᠤᠨ ᠠᠰᠢᠭ᠍ᠯᠠᠭᠠᠳ ᠣᠯᠣᠭᠰᠠᠨ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠲᠠᠷᠠᠭᠠᠴᠢ᠎ᠶᠢᠨ ᠠᠯᠬᠤᠮ᠎ᠤᠨ ᠠᠵᠢᠯ᠎ᠤᠨ ᠲᠥᠯᠥᠪᠯᠡᠭᠡ᠎ᠶᠢ ᠲᠣᠭᠲᠠᠭᠠᠵᠤ᠂ ᠬᠤᠷᠠᠯ᠎ᠤᠨ ᠲᠣᠪᠴᠢ ᠲᠡᠮᠳᠡᠭᠯᠡᠯ᠎ᠳᠦ ᠭᠠᠷ᠎ᠤᠨ ᠥᠰᠥᠭ ᠵᠢᠷᠤᠪᠠ᠃
      ᠯᠢᠦ ᠳ᠋ᠦᠩ ᠱᠦᠨ᠂ ᠬᠣᠶᠠᠷ ᠤᠯᠤᠰ᠎ᠤᠨ ᠲᠡᠷᠢᠭᠦᠨ᠎ᠦ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠪᠣᠯᠣᠨ ᠰᠢᠭᠤᠳ ᠠᠬᠢᠭᠤᠯᠤᠯ ᠳᠣᠣᠷ᠎ᠠ᠂ ᠳᠤᠮᠳᠠᠳᠤ ᠺᠠᠽᠠᠭᠰᠲ᠋ᠠᠨ᠎ᠤ ᠬᠠᠷᠢᠯᠴᠠᠭ᠎ᠠ ᠳᠠᠪᠠᠯᠲᠠ ᠮᠠᠶᠢᠭ᠋᠎ᠤᠨ ᠬᠥᠭᠵᠢᠯᠲᠡ᠎ᠶᠢ ᠳᠠᠰᠤᠷᠠᠯᠳᠠ ᠦᠭᠡᠢ ᠪᠡᠶᠡᠯᠡᠭᠦᠯᠪᠡ᠃ ᠬᠣᠶᠠᠷ ᠲᠠᠯ᠎ᠠ᠎ᠶᠢᠨ ᠤᠯᠤᠰ ᠲᠦᠷᠦ᠎ᠶᠢᠨ ᠢᠲᠡᠭᠡᠯᠴᠡᠭᠡ ᠦᠷᠭᠦᠯᠵᠢᠯᠡᠨ ᠪᠡᠬᠢᠵᠢᠵᠦ᠂ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠭᠦᠨᠵᠡᠭᠡᠢ ᠠᠬᠢᠭᠤᠯᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠤᠯᠠᠨ ᠤᠯᠤᠰ᠎ᠤᠨ ᠬᠠᠮᠵᠢᠯᠴᠠᠭ᠎ᠠ ᠥᠨᠳᠥᠷ ᠪᠦᠲᠦᠮᠵᠢᠲᠡᠢ ᠪᠥᠭᠡᠳ ᠨᠢᠭ᠍ᠲᠠ ᠪᠣᠯᠵᠠᠢ᠃ ᠡᠨᠡ ᠬᠦ᠌ ᠠᠬᠤᠢ ᠪᠠᠢᠳᠠᠯ ᠳᠣᠣᠷ᠎ᠠ᠂ ᠬᠣᠶᠠᠷ ᠲᠠᠯ᠎ᠠ᠎ᠶᠢᠨ ᠬᠢᠯᠢ ᠰᠤᠨᠳᠠᠯᠠᠭᠰᠠᠨ ᠭᠣᠣᠯ ᠮᠥᠷᠡᠨ᠎ᠦ ᠬᠦᠷᠢᠶᠡᠨ᠎ᠳᠦ ᠶᠡᠬᠡ ᠬᠡᠮᠵᠢᠶᠡᠨ᠎ᠦ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠤ᠂ ᠳᠤᠮᠳᠠᠳᠤ ᠺᠠᠽᠠᠭᠰᠲ᠋ᠠᠨ᠎ᠤ ᠡᠭᠦᠷᠢᠳᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠪᠡ᠃ ᠳᠤᠮᠳᠠᠳᠤ᠎ᠶᠢᠨ ᠲᠠᠯ᠎ᠠ᠎ᠶᠢᠨ ᠬᠢᠨ ᠬᠣᠯᠪᠣᠭᠠᠲᠤ ᠵᠥᠪᠯᠡᠯ᠎ᠦᠨ ᠲᠣᠭᠲᠠᠴᠠ᠎ᠶᠢᠨ ᠳᠣᠣᠷ᠎ᠠ᠂ ᠡᠷᠬᠡ ᠲᠡᠭᠰᠢ᠂ ᠡᠶᠡᠯᠳᠡᠭ ᠬᠥᠷᠰᠢ᠎ᠶᠢᠨ ᠨᠥᠬᠥᠷᠰᠡᠭ ᠪᠠᠢᠬᠤ ᠪᠠ ᠬᠠᠷᠢᠯᠴᠠᠨ ᠠᠰᠢᠭ᠍ᠲᠠᠢ ᠪᠠᠢᠬᠤ ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠳᠤᠮᠳᠠᠳᠤ ᠺᠠᠽᠠᠭᠰᠲ᠋ᠠᠨ᠎ᠤ ᠬᠢᠯᠢ ᠰᠤᠨᠳᠠᠯᠠᠭᠰᠠᠨ ᠭᠣᠣᠯ ᠮᠥᠷᠡᠨ᠎ᠦ ᠬᠦᠷᠢᠶᠡᠨ᠎ᠳᠡᠬᠢ ᠬᠠᠮᠲᠤᠷᠠᠯᠴᠠᠭ᠎ᠠ᠎ᠶᠢ ᠴᠢᠨᠠᠭᠰᠢᠳᠠ ᠪᠡᠬᠢᠵᠢᠭᠦᠯᠦᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
      ᠠᠷᠳᠠᠮᠵᠠᠯᠤᠹ ᠬᠣᠶᠠᠷ ᠲᠠᠯ᠎ᠠ᠎ᠶᠢᠨ ᠬᠢᠯᠢ ᠰᠤᠨᠳᠠᠯᠠᠭᠰᠠᠨ ᠭᠣᠣᠯ ᠮᠥᠷᠡᠨ᠎ᠦ ᠬᠦᠷᠢᠶᠡᠨ᠎ᠳᠡᠬᠢ ᠦᠷ᠎ᠡ ᠪᠦᠲᠦᠮᠵᠢ᠎ᠲᠠᠢ ᠪᠥᠭᠡᠳ ᠪᠦᠲᠦᠭᠡᠯᠴᠢ ᠴᠢᠨᠠᠷᠲᠠᠢ ᠬᠠᠮᠲᠤᠷᠠᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠳᠤᠷᠠᠲᠠᠶ᠎ᠠ ᠦᠷᠭᠦᠯᠵᠢᠯᠡᠨ ᠬᠠᠷᠢᠯᠴᠠᠨ ᠬᠦᠨᠳᠦᠳᠬᠡᠬᠦ᠂ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠵᠣᠷᠢᠭ᠋ ᠰᠠᠨᠠᠭ᠎ᠠ᠎ᠪᠠᠷ ᠳᠤᠮᠳᠠᠳᠤ ᠤᠯᠤᠰ ᠯᠤᠭ᠎ᠠ ᠰᠣᠯᠢᠯᠴᠠᠭ᠎ᠠ᠎ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠢᠭ᠍ᠲᠠ ᠬᠠᠮᠵᠢᠯᠴᠠᠵᠤ᠂ ᠬᠢᠯᠢ ᠰᠤᠨᠳᠠᠯᠠᠭᠰᠠᠨ ᠭᠣᠣᠯ ᠮᠥᠷᠡᠨ ᠵᠢᠴᠢ ᠬᠣᠶᠠᠷ ᠲᠠᠯ᠎ᠠ᠎ᠶᠢᠨ ᠤᠰᠤᠨ ᠠᠰᠢᠭ᠍ᠯᠠᠯᠲᠠ᠎ᠶᠢᠨ ᠬᠦᠷᠢᠶᠡᠨ᠎ᠦ ᠬᠠᠮᠲᠤᠷᠠᠯᠴᠠᠭᠠᠨ᠎ᠤ ᠲᠦᠪᠰᠢᠨ᠎ᠢᠶᠡᠨ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃
      ᠬᠣᠶᠠᠷ ᠲᠠᠯ᠎ᠠ᠎ᠶᠢᠨ ᠤᠰᠤᠨ ᠠᠰᠢᠭ᠍ᠯᠠᠯᠲᠠ᠂ ᠭᠠᠳᠠᠭᠠᠳᠤ ᠬᠠᠷᠢᠯᠴᠠᠭ᠎ᠠ᠂ ᠬᠢᠯᠢ᠎ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠥᠯᠥᠭᠡᠯᠡᠭᠴᠢ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            