ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》᠎ᠶᠢᠨ ᠵᠢᠭᠡᠯᠡᠯᠭᠡ 40 ᠳ᠋ᠦᠩᠰᠢᠭᠤᠷ ᠲᠥᠭᠥᠷᠢᠭ᠎ᠢ ᠳᠠᠪᠠᠪᠠ
ᠨᠡᠶ᠋ᠢᠲᠡᠯᠡᠭᠰᠡᠨ ᠴᠠᠭ᠄ 2026-01-17

      ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠮᠥᠩᠭᠥᠨ ᠭᠦᠢᠯᠭᠡᠭᠡᠨ᠎ᠦ ᠪᠠᠢᠭᠤᠯᠤᠮᠵᠢ ᠯᠤᠭ᠎ᠠ ᠵᠣᠯᠭᠠᠭᠤᠯᠬᠤ᠎ᠶᠢ ᠴᠢᠩᠭᠠᠳᠬᠠᠵᠤ᠂ ᠣᠲᠣ᠌ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ 《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》 ᠭᠡᠬᠦ ᠬᠣᠶᠠᠷ ᠵᠦᠢᠯ᠎ᠦᠨ ᠪᠣᠬᠢᠷᠲᠤᠯ ᠦᠭᠡᠢ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠦ ᠵᠢᠭᠡᠯᠡᠯᠭᠡ ᠲᠠᠯᠪᠢᠭ᠍ᠰᠠᠨ ᠬᠡᠪᠴᠢᠶ᠎ᠡ ᠨᠡᠶ᠋ᠢᠲᠡ 40 ᠳ᠋ᠦᠩᠰᠢᠭᠤᠷ ᠲᠥᠭᠥᠷᠢᠭ᠎ᠢ ᠳᠠᠪᠠᠵᠤ᠂ ᠵᠠᠭᠤ ᠰᠢᠬᠠᠮ ᠵᠦᠢᠯ᠎ᠦᠨ ᠪᠡᠯᠡ ᠲᠣᠬᠢᠷᠠᠭᠤᠯᠭ᠎ᠠ᠎ᠶᠢᠨ ᠲᠥᠷᠥᠯ ᠵᠦᠢᠯ᠎ᠳᠦ ᠬᠣᠯᠪᠣᠭᠳᠠᠭᠰᠠᠨ ᠪᠠᠢᠨ᠎ᠠ᠃
      1 ᠳ᠋ᠦ᠍ᠭᠡᠷ ᠰᠠᠷ᠎ᠠ᠎ᠶᠢᠨ 8᠎ᠤ ᠡᠳᠦᠷ᠂ ᠬᠥᠯᠥᠨ ᠪᠣᠶ᠋ᠢᠷ ᠬᠣᠲᠠ᠎ᠶᠢᠨ 2025 ᠣᠨ᠎ᠤ ᠠᠩᠬᠠᠨ᠎ᠤ 《 ᠤᠰᠤ ᠠᠷᠪᠢᠯᠠᠬᠤ ᠵᠢᠭᠡᠯᠡᠯᠭᠡ 》᠎ᠶᠢ ᠬᠥᠯᠥᠨ ᠪᠣᠶ᠋ᠢᠷ ᠬᠣᠲᠠ᠎ᠶᠢᠨ ᠯᠦᠩ ᠶᠠᠩ ᠤᠰᠤᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠳᠤ ᠵᠢᠩᠬᠢᠨᠢ᠎ᠪᠡᠷ ᠲᠠᠷᠬᠠᠭᠠᠵᠤ᠂ 1000 ᠲᠦᠮᠡᠨ ᠲᠥᠭᠥᠷᠢᠭ᠎ᠦᠨ ᠢᠲᠡᠭᠡᠮᠵᠢ᠎ᠶᠢᠨ ᠮᠥᠩᠭᠥ ᠣᠯᠭᠣᠪᠠ᠃ ᠰᠡᠢᠷᠡᠭᠦᠯᠦᠨ ᠬᠠᠳᠠᠭᠠᠬᠤ ᠤᠰᠤ᠎ᠶᠢ ᠡᠳ᠋ᠰᠢᠭᠦᠯᠦᠨ ᠳᠠᠬᠢᠨ ᠠᠰᠢᠭ᠍ᠯᠠᠬᠤ᠎ᠶᠢ ᠡᠵᠡᠩᠨᠡᠵᠦ ᠪᠠᠢᠭ᠎ᠠ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠤᠰᠤ ᠠᠷᠪᠢᠯᠠᠬᠤ ᠵᠢᠭᠡᠯᠡᠯᠭᠡ᠎ᠶᠢ ᠨᠠᠢᠳᠠᠪᠤᠷᠢᠵᠢᠭᠤᠯᠤᠭᠰᠠᠨ᠎ᠤ ᠳᠠᠷᠠᠭ᠎ᠠ᠂ ᠠᠵᠤ ᠠᠬᠤᠢᠯᠠᠯ ᠨᠢ ᠪᠡᠯᠡ ᠮᠥᠩᠭᠥ᠎ᠪᠡᠨ ᠪᠦᠬᠦᠨ᠎ᠢ ᠬᠠᠢᠯᠠᠷ ᠲᠣᠭᠣᠷᠢᠭ᠋᠎ᠤᠨ ᠨᠡᠭᠦᠷᠡᠰᠦᠨ ᠠᠭᠤᠷᠬᠠᠢ᠎ᠶᠢᠨ ᠰᠡᠢᠷᠡᠭᠦᠯᠦᠨ ᠬᠠᠳᠠᠭᠠᠬᠤ ᠤᠰᠤ᠎ᠶᠢ ᠳᠠᠬᠢᠨ ᠠᠰᠢᠭ᠍ᠯᠠᠬᠤ ᠬᠣᠶᠠᠳᠤᠭᠠᠷ ᠬᠤᠭᠤᠴᠠᠭᠠᠨ᠎ᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠬᠡᠷᠡᠭᠯᠡᠨ᠎ᠡ᠃ ᠪᠠᠢᠭᠤᠯᠵᠤ ᠳᠠᠭᠤᠰᠤᠭᠰᠠᠨ᠎ᠤ ᠳᠠᠷᠠᠭ᠎ᠠ ᠂ ᠵᠢᠱ᠌ᠢᠯᠲᠡ᠎ᠪᠡᠷ ᠵᠢᠯ ᠪᠦᠷᠢ 109.5 ᠲᠦᠮᠡᠨ ᠲᠣᠨ ᠠᠭᠤᠷᠬᠠᠢ᠎ᠶᠢᠨ ᠬᠤᠳᠳᠤᠭ᠎ᠤᠨ ᠰᠡᠢᠷᠡᠭᠦᠯᠦᠨ ᠬᠠᠳᠠᠭᠠᠬᠤ ᠤᠰᠤ᠎ᠶᠢ ᠬᠣᠷᠢᠶᠠᠨ ᠠᠪᠴᠤ ᠠᠰᠢᠭ᠍ᠯᠠᠵᠤ᠂ ᠵᠢᠯ᠎ᠳᠦ ᠪᠠᠷᠤᠭ 110 ᠲᠦᠮᠡᠨ ᠲᠣᠨ ᠤᠰᠤ ᠠᠷᠪᠢᠯᠠᠵᠤ ᠬᠡᠷᠡᠭᠯᠡᠨ᠎ᠡ᠃
      ᠬᠥᠯᠥᠨ ᠪᠣᠶ᠋ᠢᠷ ᠬᠣᠲᠠ᠎ᠶᠢᠨ ᠯᠦᠩ ᠶᠠᠩ ᠤᠰᠤᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ  ᠴᠢ ᠴᠢᠩ ᠰᠢ᠄ ᠡᠨᠡ ᠬᠦ᠌ 《 ᠤᠰᠤ ᠠᠷᠪᠢᠯᠠᠬᠤ ᠵᠢᠭᠡᠯᠡᠯᠭᠡ 》 ᠨᠢ ᠠᠵᠤ ᠠᠬᠤᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ ᠶᠠᠪᠤᠴᠠ᠎ᠳᠠᠬᠢ ᠪᠡᠯᠡ ᠮᠥᠩᠭᠥ᠎ᠶᠢᠨ ᠳᠠᠷᠤᠯᠲᠠ᠎ᠶᠢ ᠪᠦᠲᠦᠮᠵᠢᠲᠡᠶ ᠬᠥᠩᠭᠡᠷᠡᠭᠦᠯᠵᠦ᠂ ᠪᠢᠳᠡᠨ᠎ᠦ ᠤᠰᠤ ᠠᠷᠪᠢᠯᠠᠬᠤ ᠲᠥᠬᠦᠭᠡᠷᠦᠮᠵᠢ᠎ᠶᠢ ᠲᠡᠭᠦᠯᠳᠡᠷᠵᠢᠭᠦᠯᠬᠦ᠎ᠳᠦ ᠴᠢᠬᠤᠯᠠ ᠳᠡᠮᠵᠢᠯᠭᠡ ᠬᠠᠩᠭᠠᠭᠰᠠᠨ ᠪᠠᠢᠨ᠎ᠠ᠃
      《 ᠤᠰᠤ ᠠᠷᠪᠢᠯᠠᠬᠤ ᠵᠢᠭᠡᠯᠡᠯᠭᠡ 》᠎ᠶᠢ ᠵᠢᠩᠬᠢᠨᠢ᠎ᠪᠡᠷ ᠨᠠᠢᠳᠠᠪᠤᠷᠢᠵᠢᠭᠤᠯᠤᠭᠰᠠᠨ ᠨᠢ ᠬᠥᠯᠥᠨ ᠪᠣᠶ᠋ᠢᠷ ᠬᠣᠲᠠ᠎ᠶᠢᠨ ᠤᠰᠤ ᠠᠷᠪᠢᠯᠠᠬᠤ ᠬᠦᠷᠢᠶᠡᠨ᠎ᠳᠡᠬᠢ ᠲᠤᠰᠬᠠᠢ ᠵᠦᠢᠯ᠎ᠦᠨ ᠢᠲᠡᠭᠡᠮᠵᠢᠲᠦ ᠵᠢᠭᠡᠯᠡᠯᠭᠡ᠎ᠶᠢᠨ ᠦᠢᠯᠡᠳᠬᠦᠨ᠎ᠦ ᠬᠣᠭᠣᠰᠤᠨ᠎ᠢ ᠨᠥᠬᠥᠪᠦᠷᠢᠯᠡᠵᠦ᠂ ᠤᠰᠤ ᠠᠷᠪᠢᠯᠠᠬᠤ ᠬᠥᠭᠵᠢᠯᠲᠡ᠎ᠶᠢᠨ ᠰᠢᠨ᠎ᠡ ᠵᠠᠭᠪᠤᠷ᠎ᠢ ᠠᠩᠬ᠎ᠠ ᠠᠯᠬᠤᠮ ᠪᠣᠶ ᠪᠣᠯᠭᠠᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ 《 ᠤᠰᠤ ᠠᠷᠪᠢᠯᠠᠬᠤ ᠵᠢᠭᠡᠯᠡᠯᠭᠡ 》᠎ᠶᠢᠨ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡ᠎ᠶᠢ ᠦᠷᠭᠦᠯᠵᠢᠯᠡᠨ ᠴᠢᠩᠭᠠᠷᠠᠭᠤᠯᠵᠤ᠂ ᠣᠨ᠎ᠤ ᠵᠢᠭᠡᠯᠡᠯᠭᠡ 17 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 44% ᠨᠡᠮᠡᠭᠳᠡᠪᠡ᠃ ᠡᠭᠦᠨ᠎ᠡᠴᠡ ᠭᠠᠳᠠᠨ᠎ᠠ᠂ ᠨᠢᠭᠡᠨᠲᠡ ᠬᠠᠤᠯᠢ ᠶᠣᠰᠣᠭᠠᠷ ᠤᠰᠤᠨ᠎ᠤ ᠡᠷᠬᠡ᠎ᠶᠢ ᠣᠯᠣᠭᠰᠠᠨ ᠪᠥᠭᠡᠳ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ᠎ᠲᠠᠢ ᠠᠵᠤ ᠠᠬᠤᠢᠯᠠᠯ᠎ᠤᠨ ᠭᠠᠷᠭᠠᠭᠰᠠᠨ 《 ᠤᠰᠤᠨ᠎ᠤ ᠡᠷᠬᠡ᠎ᠶᠢᠨ ᠵᠢᠭᠡᠯᠡᠯᠭᠡ 》᠎ᠶᠢ 2025 ᠣᠨ᠎ᠤ 5 ᠰᠠᠷ᠎ᠠ᠎ᠠᠴᠠ ᠡᠬᠢᠯᠡᠨ ᠪᠥᠬᠥ ᠣᠷᠣᠨ᠎ᠳᠤ ᠪᠥᠬᠥ ᠲᠠᠯ᠎ᠠ᠎ᠪᠠᠷ ᠳᠡᠯᠭᠡᠷᠡᠭᠦᠯᠵᠦ᠂ ᠣᠳᠣᠬᠠᠨ᠎ᠳᠤ ᠨᠡᠶ᠋ᠢᠲᠡ 12 ᠳ᠋ᠦᠩᠰᠢᠭᠤᠷ ᠲᠥᠭᠥᠷᠢᠭ᠎ᠦᠨ ᠢᠲᠡᠭᠡᠮᠵᠢ ᠣᠯᠭᠣᠵᠤ᠂ 11.82 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠲᠠᠯᠪᠢᠭ᠍ᠰᠠᠨ ᠪᠠᠢᠨ᠎ᠠ᠃
      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠳᠡᠳ᠋ ᠡᠷᠬᠢᠯᠡᠭᠴᠢ  ᠼᠦᠢ ᠳᠧ ᠰᠢᠨ᠄ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠎ᠳᠦ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ᠎ᠶᠢ ᠪᠠᠭᠠᠰᠬᠠᠬᠤ᠂ ᠬᠣᠲᠠ ᠪᠠᠯᠭᠠᠰᠤ᠎ᠶᠢᠨ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ᠂ ᠬᠡᠪ᠎ᠦᠨ ᠪᠤᠰᠤ ᠤᠰᠤᠨ᠎ᠤ ᠠᠰᠢᠭ᠍ᠯᠠᠯᠲᠠ ᠪᠠ ᠠᠵᠤ ᠠᠬᠤᠢᠯᠠᠯ᠎ᠤᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ ᠵᠡᠷᠭᠡ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠳᠤ᠂ ᠲᠥᠷᠥᠯ ᠵᠦᠢᠯ᠎ᠦᠨ ᠪᠡᠯᠡ ᠲᠣᠬᠢᠷᠠᠭᠤᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠎ᠶᠢ ᠪᠠᠢᠭᠤᠯᠵᠤ᠂ 《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》᠎ᠶᠢᠨ ᠪᠡᠯᠡ ᠲᠣᠬᠢᠷᠠᠭᠤᠯᠭ᠎ᠠ᠎ᠶᠢᠨ ᠵᠠᠭᠪᠤᠷ᠎ᠢ ᠰᠢᠨᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠮᠥᠩᠭᠥᠨ ᠭᠦᠢᠯᠭᠡᠭᠡᠨ᠎ᠦ ᠬᠦᠴᠦᠨ ᠨᠡᠮᠡᠷᠢᠯᠡᠨ᠎ᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            