ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠶᠦᠩ ᠳ᠋ᠢᠩ ᠾᠧ ᠭᠣᠣᠯ 3 ᠵᠢᠯ ᠳᠠᠷᠠᠭᠠᠯᠠᠨ ᠪᠥᠬᠥ ᠵᠢᠯ᠎ᠳᠦ ᠪᠥᠬᠥ ᠱᠤᠭᠤᠮ᠎ᠢᠶᠠᠷ᠎ᠢᠶᠠᠨ ᠤᠰᠤ᠎ᠲᠠᠢ ᠪᠣᠯᠬᠤ᠎ᠶᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2026-01-17

      2025 ᠣᠨ᠎ᠳᠤ᠂ ᠶᠦᠩ ᠳ᠋ᠢᠩ ᠾᠧ ᠭᠣᠣᠯ᠎ᠤᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠠᠵᠢᠯ ᠰᠢᠨ᠎ᠡ ᠰᠢᠪᠲᠤᠯᠤᠯᠲᠠ᠎ᠲᠠᠢ ᠪᠣᠯᠵᠤ᠂ 3 ᠵᠢᠯ ᠳᠠᠷᠠᠭᠠᠯᠠᠨ ᠪᠥᠬᠥ ᠵᠢᠯ᠎ᠳᠦ ᠪᠥᠬᠥ ᠱᠤᠭᠤᠮ᠎ᠢᠶᠠᠷ᠎ᠢᠶᠠᠨ ᠤᠰᠤ᠎ᠲᠠᠢ ᠪᠠᠢᠬᠤ᠎ᠶᠢ ᠪᠡᠶᠡᠯᠡᠭᠦᠯᠵᠦ᠂ ᠣᠨ᠎ᠤ ᠲᠣᠬᠢᠷᠠᠭᠤᠯᠬᠤ ᠬᠠᠷᠠᠯᠲᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
      ᠤᠰᠤᠨ ᠠᠰᠢᠭ᠍ᠯᠠᠯᠲᠠ᠎ᠶᠢᠨ ᠶᠠᠮᠤᠨ ᠶᠦᠩ ᠳ᠋ᠢᠩ ᠾᠧ ᠭᠣᠣᠯ᠎ᠤᠨ ᠡᠷᠡᠭᠦᠯ ᠡᠩᠬᠡ ᠠᠮᠢ ᠨᠠᠰᠤ᠎ᠶᠢ ᠰᠡᠷᠭᠦᠭᠡᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠭᠣᠣᠯ ᠮᠥᠷᠡᠨ᠎ᠦ ᠡᠰᠢ ᠶᠣᠰᠣ᠌᠎ᠶᠢ ᠢᠳᠡᠪᠬᠢᠲᠡᠢ ᠪᠠᠢᠭᠤᠯᠵᠤ᠂ ᠪᠦᠬᠦ ᠵᠢᠯ᠎ᠳᠦ ᠶᠦᠩ ᠳ᠋ᠢᠩ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠢ ᠨᠢᠭᠡᠳᠦᠯᠲᠡᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠬᠤ᠂ ᠤᠨᠢᠨ ᠳᠡᠭᠡᠷ᠎ᠡ ᠨᠢ ᠲᠣᠬᠢᠷᠠᠭᠤᠯᠬᠤ᠎ᠶᠢ ᠲᠠᠰᠤᠷᠠᠯᠲᠠ ᠦᠭᠡᠢ ᠴᠢᠩᠭᠠᠳᠬᠠᠬᠤ᠎ᠪᠠᠷ ᠳᠠᠮᠵᠢᠭᠤᠯᠵᠤ᠂ ᠲᠥᠪᠯᠡᠷᠡᠭᠦᠯᠦᠨ ᠤᠰᠤ ᠨᠥᠬᠥᠪᠦᠷᠢᠯᠡᠬᠦ᠂ ᠵᠠᠩᠭᠢᠯᠠᠭ᠎ᠠ᠎ᠶᠢᠨ ᠭᠣᠣᠯ᠎ᠤᠨ ᠬᠡᠰᠡᠭ᠎ᠢ ᠨᠠᠷᠢᠯᠢᠭ᠋ ᠬᠠᠮᠢᠶᠠᠷᠬᠤ ᠪᠠ ᠴᠢᠬᠤᠯᠠ ᠬᠢᠵᠠᠭᠠᠷᠯᠠᠬᠤ ᠣᠭᠲᠣᠯᠣᠭᠠᠰᠤ᠎ᠶᠢᠨ ᠤᠷᠤᠰᠬᠠᠯ᠎ᠤᠨ ᠬᠡᠮᠵᠢᠶ᠎ᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠶᠦᠩ ᠳ᠋ᠢᠩ ᠾᠧ ᠭᠣᠣᠯ᠎ᠤᠨ ᠤᠰᠤᠨ᠎ᠤ ᠡᠬᠢ ᠪᠠᠶᠠᠯᠢᠭ᠋᠎ᠢ ᠲᠣᠬᠢᠷᠠᠭᠤᠯᠬᠤ ᠪᠠ ᠠᠮᠢ ᠠᠬᠤᠢ᠎ᠶᠢᠨ ᠤᠰᠤ ᠨᠥᠬᠥᠪᠦᠷᠢᠯᠡᠬᠦ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ᠎ᠶᠢ ᠪᠠᠲᠤᠯᠠᠪᠠ᠃ 12 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯ᠎ᠠ᠂ ᠭᠤᠸᠠᠨ ᠲᠢᠩ ᠤᠰᠤᠨ ᠴᠥᠭᠥᠷᠥᠮ᠎ᠦᠨ ᠳᠣᠷᠣᠭ᠍ᠰᠢ ᠤᠷᠤᠰᠤᠭᠰᠠᠨ ᠤᠰᠤᠨ᠎ᠤ ᠬᠡᠮᠵᠢᠶ᠎ᠡ ᠨᠡᠶ᠋ᠢᠲᠡ 22 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢᠵᠤ᠂ ᠳᠡᠭᠡᠳᠦ ᠳᠣᠣᠷᠠᠳᠤ ᠤᠷᠤᠰᠬᠠᠯ᠎ᠤᠨ ᠭᠣᠣᠯ᠎ᠤᠨ ᠵᠠᠮ᠂ ᠭᠣᠷᠣᠬ᠎ᠠ᠎ᠶᠢᠨ ᠤᠷᠤᠰᠬᠠᠯ ᠪᠠ ᠴᠢᠭᠢᠭ᠌ᠯᠢᠭ ᠭᠠᠵᠠᠷ᠂ ᠭᠠᠵᠠᠷ᠎ᠤᠨ ᠭᠠᠳᠠᠷᠭᠤ ᠪᠠ ᠭᠠᠵᠠᠷ ᠳᠣᠣᠷ᠎ᠠ ᠨᠡᠪᠲᠡᠷᠡᠵᠦ᠂ ᠶᠦᠩ ᠳ᠋ᠢᠩ ᠾᠧ ᠭᠣᠣᠯ᠎ᠤᠨ ᠪᠥᠬᠥ ᠵᠢᠯ᠎ᠦᠨ ᠪᠥᠬᠥ ᠱᠤᠭᠤᠮ᠎ᠤᠨ ᠤᠰᠤᠨ᠎ᠤ ᠬᠠᠷᠠᠯᠲᠠ᠎ᠶᠢ ᠪᠡᠶᠡᠯᠡᠭᠦᠯᠪᠡ᠃ ᠣᠳᠣᠬᠠᠨ᠎ᠳᠤ᠂ ᠶᠦᠩ ᠳ᠋ᠢᠩ ᠾᠧ ᠭᠣᠣᠯ᠎ᠤᠨ ᠰᠠᠪᠠ ᠭᠠᠵᠠᠷ᠎ᠤᠨ ᠭᠣᠣᠯ᠎ᠤᠨ ᠵᠠᠮ᠎ᠤᠨ ᠤᠰᠤᠨ᠎ᠤ ᠭᠠᠳᠠᠷᠭᠤ᠎ᠶᠢᠨ ᠲᠠᠯᠠᠪᠠᠶ ᠨᠡᠮᠡᠭᠳᠡᠵᠦ᠂ ᠭᠠᠵᠠᠷ ᠳᠣᠣᠷᠠᠬᠢ ᠤᠰᠤ᠎ᠶᠢ ᠡᠭᠡᠭᠦᠯᠦᠨ ᠨᠥᠬᠥᠪᠦᠷᠢᠯᠡᠬᠦ ᠦᠷ᠎ᠡ ᠪᠦᠲᠦᠮᠵᠢ ᠢᠯᠡᠳᠲᠡ ᠪᠣᠯᠵᠤ᠂ ᠪᠡᠭᠡᠵᠢᠩ ᠬᠣᠲᠠ᠎ᠶᠢᠨ ᠴᠧᠨ ᠵᠢᠶᠠ ᠵᠤᠸᠠᠩ ᠴᠢᠤᠸᠠᠨ ᠵᠡᠷᠭᠡ 80 ᠭᠠᠷᠤᠢ ᠪᠤᠯᠠᠭ ᠬᠠᠳᠠᠭᠰᠠᠨ᠎ᠤ ᠳᠠᠷᠠᠭ᠎ᠠ ᠳᠠᠬᠢᠨ ᠣᠷᠭᠢᠯᠵᠤ᠂ ᠵᠠᠮ ᠳᠠᠭᠠᠤ᠎ᠶᠢᠨ ᠭᠣᠣᠯ ᠮᠥᠷᠡᠨ ᠨᠠᠭᠤᠷ ᠴᠥᠭᠥᠷᠥᠮ᠎ᠦᠨ ᠤᠰᠤᠨ᠎ᠤ ᠴᠢᠨᠠᠷ ᠰᠠᠢᠵᠢᠷᠠᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠤᠯᠠᠮ ᠨᠢᠭᠡ ᠠᠯᠬᠤᠮ ᠪᠠᠶᠠᠯᠢᠭ᠍ᠵᠢᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠠᠯᠬᠤᠮ ᠠᠯᠬᠤᠮ᠎ᠢᠶᠠᠷ ᠳᠡᠭᠡᠭᠰᠢᠯᠡᠵᠦ᠂ ᠶᠦᠩ ᠳ᠋ᠢᠩ ᠾᠧ ᠭᠣᠣᠯ᠎ᠤᠨ ᠪᠣᠬᠢᠷᠲᠤᠯ ᠦᠭᠡᠢ ᠠᠮᠢ ᠠᠬᠤᠢ᠎ᠶᠢᠨ ᠬᠣᠩᠭᠢᠯ ᠠᠩᠬ᠎ᠠ ᠠᠯᠬᠤᠮ ᠪᠦᠷᠢᠯᠳᠦᠪᠡ᠃
      ᠲᠠᠷᠠᠭᠠᠴᠢ᠎ᠶᠢᠨ ᠠᠯᠬᠤᠮ᠎ᠳᠤ᠂ ᠤᠰᠤᠨ ᠠᠰᠢᠭ᠍ᠯᠠᠯᠲᠠ᠎ᠶᠢᠨ ᠶᠠᠮᠤᠨ ᠦᠷᠭᠦᠯᠵᠢᠯᠡᠨ ᠬᠣᠯᠪᠣᠭᠳᠠᠯ ᠪᠦᠬᠦᠢ ᠮᠤᠵᠢ ᠬᠣᠲᠠ ᠪᠣᠯᠣᠨ ᠨᠢᠭᠡᠴᠢ᠎ᠲᠠᠢ ᠬᠠᠮᠲᠤᠷᠠᠨ᠂ ᠶᠦᠩ ᠳ᠋ᠢᠩ ᠾᠧ ᠭᠣᠣᠯ᠎ᠤᠨ ᠤᠰᠤᠨ᠎ᠤ ᠡᠬᠢ ᠪᠠᠶᠠᠯᠢᠭ᠋᠎ᠤᠨ ᠨᠢᠭᠡᠳᠦᠯᠲᠡᠢ ᠲᠣᠬᠢᠷᠠᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢᠨ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠵᠤ᠂ ᠭᠣᠣᠯ ᠮᠥᠷᠡᠨ᠎ᠦ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠤᠨ᠂ ᠭᠣᠣᠯ ᠮᠥᠷᠡᠨ᠎ᠦ ᠠᠮᠢ ᠠᠬᠤᠢ᠎ᠶᠢᠨ ᠴᠢᠳᠠᠮᠵᠢ᠎ᠶᠢ ᠳᠡᠭᠡᠭᠰᠢᠯᠡᠭᠦᠯᠵᠦ᠂ ᠶᠦᠩ ᠳ᠋ᠢᠩ ᠾᠧ ᠭᠣᠣᠯ᠎ᠢ ᠠᠮᠤᠷ ᠲᠦᠪᠰᠢᠨ ᠭᠣᠣᠯ᠂ ᠠᠮᠢ ᠨᠠᠰᠤᠨ᠎ᠤ ᠭᠣᠣᠯ᠂ ᠵᠣᠯ ᠵᠢᠷᠭᠠᠯᠲᠤ ᠭᠣᠣᠯ ᠪᠣᠯᠭᠠᠬᠤ᠎ᠶᠢ ᠲᠦᠯᠬᠢᠨ ᠠᠬᠢᠭᠤᠯᠤᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            