ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠠᠯᠪᠠᠨ ᠲᠢᠩᠬᠢᠮ᠎ᠡᠴᠡ ᠰᠦᠯᠵᠢᠶᠡᠨ᠎ᠦ ᠠᠨᠳᠠ ᠨᠠᠷ᠎ᠲᠤ ᠢᠯᠡᠭᠡᠭᠰᠡᠨ ᠲᠠᠯᠠᠷᠬᠠᠯ᠎ᠤᠨ ᠵᠠᠬᠢᠳᠠᠯ
ᠨᠡᠶ᠋ᠢᠲᠡᠯᠡᠭᠰᠡᠨ ᠴᠠᠭ᠄ 2026-01-17

ᠬᠠᠢᠷᠠᠲᠤ ᠰᠦᠯᠵᠢᠶᠡᠨ᠎ᠦ ᠠᠨᠳᠠ ᠨᠠᠷ᠎ᠲᠤ᠄
      2026 ᠣᠨ᠎ᠤ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯᠳᠤᠭᠠᠨ 1 ᠰᠠᠷ᠎ᠠ᠎ᠶᠢᠨ 5᠎ᠤ ᠡᠳᠦᠷ᠎ᠡᠴᠡ 6᠎ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠤᠯᠠᠨ᠎ᠤ ᠤᠶᠤᠨ ᠤᠬᠠᠭᠠᠨ᠎ᠢ ᠬᠤᠷᠠᠮᠳᠤᠭᠤᠯᠵᠤ᠂ ᠤᠯᠠᠨ᠎ᠤ ᠬᠦᠴᠦᠨ᠎ᠢ ᠲᠥᠪᠯᠡᠷᠡᠭᠦᠯᠵᠦ ᠪᠠᠢᠭᠠᠳ ᠡᠨᠡ ᠤᠳᠠᠭ᠎ᠠ᠎ᠶᠢᠨ ᠬᠤᠷᠠᠯ᠎ᠢ ᠰᠠᠢᠲᠤᠷ ᠬᠤᠷᠠᠯᠳᠤᠭᠤᠯᠬᠤ᠎ᠶᠢᠨ ᠲᠥᠯᠥᠭᠡ᠂ ᠪᠢᠳᠡ 2025 ᠣᠨ᠎ᠤ 11 ᠰᠠᠷ᠎ᠠ᠎ᠶᠢᠨ 1᠎ᠦ ᠡᠳᠦᠷ᠎ᠡᠴᠡ 30᠎ᠤ ᠡᠳᠦᠷ ᠪᠣᠯᠲᠠᠯ᠎ᠠ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠦᠯᠵᠢᠶᠡᠨ᠎ᠦ ᠦᠷᠲᠡᠭᠡ ᠪᠣᠯᠣᠨ 《 ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ 》᠂《 ᠳᠤᠮᠳᠠᠳᠤ ᠤᠯᠤᠰ᠎ᠤᠨ ᠤᠰᠤᠨ᠎ᠤ ᠶᠠᠪᠤᠳᠠᠯ 》 ᠭᠡᠬᠦ ᠸᠢᠴᠠᠲ᠎ᠤᠨ ᠤᠯᠠᠨ ᠨᠡᠶ᠋ᠢᠲᠡ᠎ᠶᠢᠨ ᠳ᠋ᠤᠭᠠᠷ᠎ᠲᠤ ᠲᠤᠰᠬᠠᠢ ᠪᠤᠯᠤᠩ ᠭᠠᠷᠭᠠᠵᠤ᠂ ᠪᠦᠬᠦ ᠨᠡᠢᠭᠡᠮ᠎ᠳᠦ ᠬᠠᠨᠳᠤᠭᠤᠯᠤᠨ ᠰᠦᠯᠵᠢᠶᠡᠨ ᠠᠨᠳᠠ ᠨᠠᠷ᠎ᠤᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠢ ᠰᠠᠨᠠᠯ ᠰᠠᠨᠠᠭᠤᠯᠭ᠎ᠠ᠎ᠶᠢ ᠢᠯᠡ᠎ᠪᠡᠷ ᠬᠤᠷᠢᠶᠠᠪᠠ᠃ ᠥᠷᠭᠡᠨ ᠣᠯᠠᠨ ᠰᠦᠯᠵᠢᠶᠡᠨ᠎ᠦ ᠠᠨᠳᠠ ᠨᠠᠷ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠣᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠢᠨ᠎ᠠ᠃ ᠡᠳᠡᠭᠡᠷ ᠰᠠᠨᠠᠯ ᠰᠠᠨᠠᠭᠤᠯᠭ᠎ᠠ ᠨᠢ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠢᠯᠡᠳᠬᠡᠵᠦ᠂ ᠤᠯᠠᠨ᠎ᠤ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠲᠤᠬᠠᠢ ᠠᠩᠬᠠᠷᠤᠯ ᠪᠣᠯᠣᠨ ᠳᠡᠮᠵᠢᠯᠭᠡ᠎ᠶᠢ ᠨᠢᠭ᠍ᠲᠠᠷᠠᠭᠤᠯᠵᠤ᠂ ᠪᠢᠳᠡᠨ᠎ᠦ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ᠂ ᠵᠠᠮ ᠨᠡᠭᠡᠭᠡᠨ ᠤᠷᠤᠭᠰᠢᠯᠠᠬᠤ᠎ᠶᠢ ᠵᠣᠷᠢᠭ᠍ᠵᠢᠭᠤᠯᠵᠤ᠂ ᠬᠥᠮᠥᠨ ᠪᠣᠯᠣᠨ ᠤᠰᠤᠨ᠎ᠤ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠪᠣᠯᠣᠨ᠎ᠠ᠃ ᠪᠢᠳᠡ ᠰᠠᠨᠠᠯ ᠰᠠᠨᠠᠭᠤᠯᠭ᠎ᠠ ᠨᠢᠭᠡᠪᠦᠷᠢ᠎ᠶᠢ ᠨᠠᠷᠢᠨ ᠬᠢᠨᠠᠮᠠᠭᠠᠢ ᠰᠤᠳᠤᠯᠤᠭᠠᠳ᠂ ᠪᠦᠬᠦ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯᠳᠤᠭᠠᠨ᠎ᠠᠴᠠ 2026 ᠣᠨ ᠪᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠢᠯ᠎ᠤᠨ ᠲᠣᠬᠢᠷᠠᠭᠤᠯᠤᠯᠲᠠ ᠳᠤᠮᠳᠠ ᠡᠳᠡᠭᠡᠷ ᠰᠠᠨᠠᠯ ᠰᠠᠨᠠᠭᠤᠯᠭ᠎ᠠ᠎ᠶᠢ ᠭᠦᠢᠴᠡᠳ ᠢᠯᠡᠷᠡᠭᠦᠯᠵᠡᠢ᠃ ᠡ᠊ᠨᠳᠡ ᠲᠠ ᠪᠦᠬᠦᠨ᠎ᠳᠦ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠦᠶ᠎ᠡ !
      2026 ᠣᠨ᠎ᠳᠤ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠦᠢᠯᠡᠳᠦᠯᠭᠡᠵᠢᠭᠦᠯᠵᠦ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯᠳᠤᠭᠠᠨ᠎ᠤ ᠲᠣᠬᠢᠷᠠᠭᠤᠯᠤᠯᠲᠠ ᠶᠣᠰᠣᠭᠠᠷ᠂ ᠠᠷᠠᠳ ᠣᠯᠠᠨ᠎ᠤ ᠬᠠᠮᠤᠭ᠎ᠠᠴᠠ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠤᠰᠤᠨ᠎ᠳᠤ ᠬᠣᠯᠪᠣᠭᠳᠠᠬᠤ ᠠᠰᠠᠭᠤᠳᠠᠯ᠎ᠢ ᠲᠦᠷᠭᠡᠪᠴᠢᠯᠡᠨ ᠰᠢᠢᠳᠪᠦᠷᠢᠯᠡᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠭᠦᠷᠢ᠎ᠪᠡᠨ ᠦᠵᠡᠬᠦᠯᠬᠦ ᠪᠣᠯᠣᠨ᠎ᠠ᠃ ᠥᠷᠭᠡᠨ ᠤᠯᠠᠨ ᠰᠦᠯᠵᠢᠶᠡᠨ᠎ᠦ ᠠᠨᠳᠠ ᠨᠠᠷ ᠤᠰᠤᠨ ᠠᠰᠢᠭ᠍ᠯᠠᠯᠲᠠ᠎ᠶᠢᠨ ᠠᠵᠢᠯ᠎ᠢ ᠦᠷᠭᠦᠯᠵᠢᠯᠡᠨ ᠬᠠᠯᠠᠮᠵᠢᠯᠠᠨ ᠳᠡᠮᠵᠢᠬᠦ᠎ᠶᠢ ᠴᠢᠩ ᠰᠡᠳᠬᠢᠯ᠎ᠡᠴᠡ᠎ᠪᠡᠨ ᠬᠦᠰᠡᠨ ᠬᠦᠯᠢᠶᠡᠵᠦ ᠪᠠᠢᠬᠤ ᠪᠥᠭᠡᠳ ᠪᠠᠶᠠᠷᠯᠠᠨ ᠤᠭᠲᠤᠵᠤ ᠪᠠᠢᠨ᠎ᠠ᠃
      ᠰᠢᠨ᠎ᠡ ᠵᠢᠯ᠎ᠦᠨ ᠡᠬᠢᠨ᠎ᠳᠦ᠂ ᠠᠭᠤᠤ ᠶᠡᠬᠡ ᠡᠬᠡ ᠤᠯᠤᠰ᠎ᠤᠨ ᠠᠭᠤᠯᠠ ᠤᠰᠤ ᠦᠵᠡᠰᠬᠦᠯᠡᠩ ᠰᠠᠢᠬᠠᠨ ᠪᠠᠢᠵᠤ᠂ ᠠᠯᠢᠪᠠ ᠦᠢᠯᠡᠰ ᠴᠡᠴᠡᠭᠯᠡᠨ ᠬᠥᠭᠵᠢᠬᠦ᠎ᠶᠢ ᠴᠢᠩ ᠰᠡᠳᠬᠢᠯ᠎ᠡᠴᠡ᠎ᠪᠡᠨ ᠢᠷᠦᠭᠡᠶ᠎ᠡ! ᠥᠷᠭᠡᠨ ᠤᠯᠠᠨ ᠰᠦᠯᠵᠢᠶᠡᠨ᠎ᠦ ᠠᠨᠳᠠ ᠨᠠᠷ᠎ᠤᠨ ᠲᠦᠮᠡᠨ ᠬᠡᠷᠡᠭ ᠲᠡᠭᠦᠰ ᠪᠦᠲᠦᠵᠦ᠂ ᠪᠠᠶᠠᠷ ᠪᠠᠶᠠᠰᠬᠤᠯᠠᠩ᠎ᠲᠠᠢ ᠠᠮᠤᠷ ᠠᠮᠤᠭᠤᠯᠠᠩ ᠪᠠᠢᠬᠤ᠎ᠶᠢ ᠴᠢᠩ ᠰᠡᠳᠬᠢᠯ᠎ᠡᠴᠡ᠎ᠪᠡᠨ ᠬᠦᠰᠡᠨ ᠵᠥᠩᠨᠡᠶ᠎ᠡ!
                  ᠤᠰᠤᠨ ᠠᠰᠢᠭ᠍ᠯᠠᠯᠲᠠ᠎ᠶᠢᠨ ᠶᠠᠮᠤᠨ᠎ᠤ ᠠᠯᠪᠠᠨ ᠲᠢᠩᠬᠢᠮ
                        2026 ᠣᠨ᠎ᠤ 1 ᠰᠠᠷ᠎ᠠ᠎ᠶᠢᠨ 9᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            