12 ᠳ᠋ᠤᠭᠠᠷ ᠰᠠᠷ᠎ᠠ᠎ᠶᠢᠨ 31᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠣᠨᠣᠯ᠎ᠤᠨ ᠰᠤᠷᠤᠯᠴᠠᠯᠭ᠎ᠠ᠎ᠶᠢᠨ ᠭᠣᠣᠯ ᠳᠤᠭᠤᠢᠯᠠᠩ ( ᠥᠷᠭᠡᠳᠬᠡᠭᠰᠡᠨ )᠎ᠤᠨ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠭᠢᠯᠡᠵᠦ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠰᠣᠩᠭᠣᠮᠠᠯ ᠵᠣᠬᠢᠶᠠᠯ 》᠎ᠤᠨ ᠨᠢᠭᠡᠳᠦᠭᠡᠷ ᠪᠣᠳᠢ ᠂ 《 ᠰᠢ᠎ᠵᠢᠨ᠎ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢ ᠰᠤᠷᠤᠯᠴᠠᠬᠤ ᠬᠥᠲᠥᠯᠪᠦᠷᠢ ( 2025 ᠣᠨ᠎ᠤ
ᠬᠡᠪᠯᠡᠯ ) 》 ᠪᠣᠯᠣᠨ 《 ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ 》᠎ᠢ ᠲᠥᠪᠯᠡᠷᠡᠭᠦᠯᠦᠨ ᠰᠤᠷᠤᠯᠴᠠᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠡᠢ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠪᠣᠯᠣᠨ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ ᠨᠠᠷ ᠶᠡᠬᠡ ᠬᠤᠷᠠᠯ᠎ᠳᠤ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠣᠣᠯ ᠳᠤᠭᠤᠢᠯᠠᠩ᠎ᠤᠨ ᠪᠦᠷᠢᠯᠳᠦᠭᠦᠨ ᠨᠠᠷ ᠪᠢᠴᠢᠭ᠎ᠦᠨ ᠬᠡᠯᠪᠡᠷᠢ᠎ᠪᠡᠷ ᠰᠠᠨᠠᠯ᠎ᠢᠶᠠᠨ ᠰᠣᠯᠢᠯᠴᠠᠪᠠ᠃
ᠬᠤᠷᠠᠯ᠎ᠠᠴᠠ᠂ ᠨᠡᠩ ᠥᠨᠳᠥᠷ ᠵᠣᠭᠰᠣᠴᠠ᠎ᠪᠠᠷ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠴᠠᠭ ᠦᠶ᠎ᠡ᠎ᠶᠢᠨ ᠠᠭᠤᠯᠤᠭᠳᠠᠬᠤᠨ᠎ᠢ ᠡᠵᠡᠮᠳᠡᠵᠦ᠂ ᠡᠷᠡᠰ ᠭᠤᠢᠪᠢᠰᠢ ᠦᠭᠡᠢ᠎ᠪᠡᠷ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠵᠤ᠂ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ 》 ᠭᠡᠬᠦ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠰᠤ ᠠᠷᠪᠢᠯᠠᠬᠤ᠎ᠶᠢ ᠬᠠᠮᠤᠭ᠎ᠤᠨ ᠲᠡᠷᠢᠭᠦᠨ ᠪᠠᠢᠷᠢᠨ᠎ᠳᠤ ᠲᠠᠯᠪᠢᠵᠤ᠂ ᠤᠰᠤ᠎ᠶᠢ ᠠᠷᠪᠢᠯᠠᠵᠤ ᠡᠷᠴᠢᠮᠵᠢᠭᠦᠯᠦᠨ ᠬᠡᠷᠡᠭᠯᠡᠬᠦ᠎ᠶᠢ ᠭᠦᠨᠵᠡᠭᠡᠢᠷᠡᠭᠦᠯᠦᠨ᠂ ᠤᠰᠤᠨ᠎ᠤ ᠡᠬᠢ ᠪᠠᠶᠠᠯᠢᠭ᠋᠎ᠢ ᠨᠢᠭᠡᠳᠦᠯᠲᠡᠢ ᠲᠣᠬᠢᠷᠠᠭᠤᠯᠬᠤ᠂ ᠰᠢᠯᠢᠳᠡᠭᠵᠢᠭᠦᠯᠦᠨ ᠲᠣᠬᠢᠷᠠᠭᠤᠯᠬᠤ᠂ ᠤᠷᠴᠢᠯᠳᠦᠬᠦᠯᠦᠨ ᠠᠰᠢᠭ᠍ᠯᠠᠬᠤ᠎ᠶᠢ ᠴᠢᠩᠭᠠᠳᠬᠠᠬᠤ᠎ᠪᠠᠷ ᠳᠡᠮᠵᠢᠨ᠂ ᠤᠰᠤᠨ᠎ᠤ ᠡᠬᠢ ᠪᠠᠶᠠᠯᠢᠭ᠋᠎ᠢ ᠠᠰᠢᠭ᠍ᠯᠠᠬᠤ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠋᠎ᠤᠨ ᠴᠢᠨᠠᠷ ᠰᠠᠢᠲᠠᠢ ᠬᠥᠭᠵᠢᠯᠲᠡ᠎ᠳᠡᠬᠢ ᠪᠣᠭᠣᠮᠢ᠎ᠶᠢᠨ ᠬᠢᠵᠠᠭᠠᠷᠯᠠᠯ᠎ᠢ ᠡᠪᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ᠎ᠳᠤ ᠵᠢᠭᠠᠵᠤ ᠭᠠᠷᠭᠠᠭᠰᠠᠨ ᠠᠰᠠᠭᠤᠳᠠᠯ᠎ᠲᠠᠢ ᠤᠶᠠᠯᠳᠤᠭᠤᠯᠵᠤ᠂ ᠥᠪᠡᠷ᠎ᠢ᠎ᠪᠡᠨ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠡᠳᠦᠷ ᠲᠤᠳᠤᠮ᠎ᠤᠨ ᠠᠵᠢᠯ᠎ᠳᠠᠭᠠᠨ ᠪᠠᠢᠩᠭᠤ ᠴᠢᠩᠭ᠎ᠠ ᠪᠠᠷᠢᠮᠲᠠᠯᠠᠵᠤ᠂ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ ᠨᠢ 《ᠡᠷᠬᠢᠨ ᠬᠠᠷᠠᠬᠤ》᠎ᠶᠢ ᠳᠠᠭᠠᠭᠠᠵᠤ ᠳᠡᠶ᠋ᠢᠯᠬᠦ᠂ ᠲᠤᠰᠬᠠᠢ ᠱᠠᠯᠠᠪᠳᠠᠭᠤᠯᠤᠨ ᠪᠠᠢᠴᠠᠭᠠᠬᠤ ᠪᠠ ᠠᠷᠠᠳ ᠤᠯᠠᠨ᠎ᠤ ᠰᠢᠯᠭᠠᠯᠲᠠ᠎ᠶᠢ ᠳᠠᠭᠠᠭᠠᠵᠤ ᠳᠡᠶ᠋ᠢᠯᠬᠦ᠎ᠶᠢ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠶᠠᠪᠤᠴᠠ᠎ᠳᠤ ᠪᠦᠷᠢᠯᠳᠦᠭᠰᠡᠨ ᠲᠤᠷᠰᠢᠯᠭ᠎ᠠ᠎ᠶᠢ ᠴᠢᠳᠠᠮᠠᠭᠠᠢ᠎ᠪᠠᠷ ᠠᠰᠢᠭ᠍ᠯᠠᠵᠤ᠂ ᠮᠠᠨ᠎ᠤ ᠣᠷᠣᠨ᠎ᠤ ᠤᠰᠤᠨ᠎ᠤ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ ᠵᠡᠷᠭᠡ ᠲᠠᠯ᠎ᠠ᠎ᠶᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ 《 ᠨᠢᠭᠡ ᠠᠰᠠᠭᠤᠳᠠᠯ᠎ᠢ ᠰᠢᠢᠳᠪᠦᠷᠢᠯᠡᠵᠦ᠂ ᠨᠢᠭᠡ ᠢᠵᠢ ᠲᠣᠭᠲᠠᠴᠠ᠎ᠶᠢ ᠪᠡᠬᠢᠵᠢᠭᠦᠯᠵᠦ᠂ ᠨᠢᠭᠡ ᠬᠦᠷᠢᠶ᠎ᠡ᠎ᠶᠢ ᠳᠡᠭᠡᠭᠰᠢᠯᠡᠭᠦᠯᠬᠦ 》 ᠵᠠᠰᠠᠯᠲᠠ᠎ᠶᠢᠨ ᠬᠠᠷᠠᠯᠲᠠ᠎ᠶᠢ ᠦᠨᠡᠨ ᠬᠦ᠌ ᠪᠡᠶᠡᠯᠡᠭᠦᠯᠵᠦ᠂ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ᠎ᠶᠢ ᠵᠠᠰᠠᠯᠲᠠ᠎ᠶᠢᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠷᠭᠡᠨ ᠤᠯᠠᠨ ᠨᠠᠮ᠎ᠦᠨ ᠭᠡᠰᠢᠭᠦᠨ ᠺᠠᠳ᠋ᠷ ᠰᠢ᠎ᠶᠢᠨ ᠫᠢᠩ᠎ᠦᠨ ᠬᠠᠤᠯᠢᠵᠢᠯ᠎ᠦᠨ ᠦᠵᠡᠯ ᠰᠠᠨᠠᠭ᠎ᠠ᠎ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠰᠢ᠎ᠶᠢᠨ ᠫᠢᠩ᠎ᠦᠨ ᠬᠠᠤᠯᠢᠵᠢᠯ᠎ᠦᠨ ᠦᠵᠡᠯ ᠰᠠᠨᠠᠭ᠎ᠠ᠎ᠶᠢ ᠦᠨᠡᠨ ᠬᠦ᠌ ᠤᠰᠤ᠎ᠶᠢ ᠬᠠᠮᠢᠶᠠᠷᠴᠤ ᠤᠰᠤ᠎ᠶᠢ ᠵᠠᠰᠠᠬᠤ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠤᠯᠢᠵᠢᠯ᠎ᠦᠨ ᠰᠡᠳᠬᠢᠬᠦᠢ ᠪᠣᠯᠣᠨ ᠬᠠᠤᠯᠢᠵᠢᠯ᠎ᠦᠨ ᠠᠷᠭ᠎ᠠ ᠬᠡᠯᠪᠡᠷᠢ᠎ᠪᠡᠷ ᠤᠰᠤᠨ ᠠᠰᠢᠭ᠍ᠯᠠᠯᠲᠠ᠎ᠶᠢᠨ ᠠᠵᠢᠯ᠎ᠢ ᠠᠬᠢᠭᠤᠯᠵᠤ᠂ ᠨᠠᠮ᠎ᠦᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠦ ᠨᠠᠮ᠎ᠦᠨ ᠬᠣᠷᠢᠶ᠎ᠠ᠎ᠶᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠠᠴᠠ᠂ ᠰᠢᠨ᠎ᠡ ᠵᠢᠯ ᠪᠣᠯᠬᠤ ᠭᠡᠵᠦ ᠪᠠᠢᠭ᠎ᠠ ᠦᠶ᠎ᠡ᠎ᠳᠦ᠂ ᠤᠰᠤᠨ ᠠᠰᠢᠭ᠍ᠯᠠᠯᠲᠠ᠎ᠶᠢᠨ ᠰᠢᠰᠲᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ 《 ᠵᠠᠩᠭᠢᠯᠠᠭ᠎ᠠ᠎ᠶᠢᠨ ᠴᠡᠭ 》 ᠵᠢᠡᠷ 《 ᠰᠢᠯᠭᠠᠯᠲᠠ᠎ᠶᠢᠨ ᠴᠡᠭ》 ᠪᠣᠯᠭᠠᠵᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠠᠴᠢᠮ ᠪᠠᠢᠳᠠᠯ᠎ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ᠎ᠢ ᠰᠠᠢᠲᠤᠷ ᠬᠢᠵᠦ᠂ ᠲᠥᠪ ᠪᠤᠰᠤ ᠰᠤᠷᠲᠠᠯ᠎ᠢ ᠬᠦᠴᠦᠯᠡᠨ ᠵᠠᠯᠠᠷᠠᠭᠤᠯᠵᠤ᠂ ᠲᠣᠭᠲᠠᠭᠠᠯ᠎ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ᠎ᠠᠴᠠ ᠵᠥᠷᠢᠴᠡᠨ ᠪᠡᠯᠡᠭ ᠰᠡᠯᠲᠡ ᠬᠤᠷᠢᠶᠠᠬᠤ᠎ᠶᠢ ᠴᠢᠩᠭ᠎ᠠ ᠴᠠᠭᠠᠵᠠᠯᠠᠵᠤ᠂ ᠰᠢᠨ᠎ᠡ ᠰᠤᠷᠲᠠᠯ ᠲᠥᠪ ᠰᠤᠷᠲᠠᠯ᠎ᠢ ᠶᠡᠬᠡᠪᠡᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ (ᠥᠷᠭᠡᠳᠬᠡᠭᠰᠡᠨ) ᠤᠨ ᠪᠦᠷᠢᠯᠳᠦᠭᠦᠨ ᠰᠤᠷᠤᠯᠴᠠᠯᠭ᠎ᠠ᠎ᠳᠤ ᠣᠷᠣᠯᠴᠠᠪᠠ᠃ ( ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ ᠡᠬᠡ ᠪᠢᠴᠢᠭ ᠬᠠᠩᠭᠠᠪᠠ )