ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠶᠡᠷᠦᠩᠬᠡᠢ ᠱᠦᠵᠢ ᠰᠢ᠎ᠶᠢᠨ ᠫᠢᠩ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2026-01-20

      1 ᠳ᠋ᠦ᠍ᠭᠡᠷ ᠰᠠᠷ᠎ᠠ᠎ᠶᠢᠨ 14᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠪᠠ ᠢᠯᠵᠠᠷᠠᠯ᠎ᠢ ᠡᠰᠡᠷᠭᠦᠴᠡᠬᠦ ᠠᠵᠢᠯ᠎ᠢ ᠰᠤᠳᠤᠯᠤᠨ ᠪᠠᠢᠷᠢᠯᠠᠭᠤᠯᠪᠠ᠃
      ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠦ᠂ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠋ ᠪᠠᠢᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《 ᠳᠥᠷᠪᠡᠨ ᠤᠬᠠᠮᠰᠠᠷ 》᠎ᠢ ᠴᠢᠩᠭᠠᠳᠬᠠᠨ᠂ 《 ᠳᠥᠷᠪᠡᠨ ᠢᠲᠡᠭᠡᠯ 》᠎ᠢ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》᠎ᠶᠢ ᠪᠡᠶᠡᠯᠡᠭᠦᠯᠦᠨ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠶᠠᠮᠤᠨ᠎ᠤ ᠬᠠᠷᠢᠶ᠎ᠠ ᠰᠢᠰᠲᠧᠮ᠎ᠦᠨ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠲᠦᠯᠬᠢᠨ ᠠᠬᠢᠭᠤᠯᠵᠤ ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠡᠩ ᠡᠷᠡᠰ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠥᠷᠥ᠎ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡᠨ ᠡᠭᠦᠷᠭᠡᠲᠦ ᠰᠡᠳᠬᠢᠯᠭᠡ᠎ᠪᠡᠨ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠮᠵᠢᠶ᠎ᠠ᠎ᠶᠢ ᠨᠠᠷᠢᠨ ᠬᠢᠨᠠᠮᠠᠭᠠᠢ ᠬᠠᠷᠭᠤᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠨ ᠪᠠᠢᠭᠤᠯᠵᠤ᠂ ᠨᠠᠮ᠎ᠤᠨ ᠲᠥᠪ ᠬᠣᠷᠢᠶᠠᠨ᠎ᠤ ᠲᠣᠳᠣᠷᠬᠠᠢᠯᠠᠭᠰᠠᠨ ᠤᠰᠤᠨ ᠠᠰᠢᠭ᠍ᠯᠠᠯᠲᠠ᠎ᠶᠢᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠢᠨᠠᠯᠲᠠ ᠪᠠᠢᠴᠠᠭᠠᠯᠲᠠ᠎ᠶᠢ ᠴᠢᠩᠭᠠᠳᠬᠠᠵᠤ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠴᠢᠩᠭᠠᠳᠬᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠡᠷᠬᠡ᠎ᠶᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠎ᠪᠡᠷ ᠳᠦᠷᠢᠮ᠎ᠦᠨ ᠰᠢᠩᠭᠡᠯᠢᠭ᠎ᠲᠦ ᠬᠣᠷᠢᠵᠤ ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠬᠡᠷᠡᠭᠵᠢᠭᠦᠯᠵᠦ᠂ ᠭᠣᠣᠯᠳᠠᠯᠭ᠎ᠠ᠎ᠲᠠᠢ ᠡᠲᠡᠭᠡᠳ᠂ ᠭᠣᠣᠯᠳᠠᠯᠭ᠎ᠠ᠎ᠲᠠᠢ ᠬᠦᠷᠢᠶ᠎ᠡ᠎ᠶᠢ ᠴᠢᠩᠭ᠎ᠠ ᠠᠩᠬᠠᠷᠴᠤ᠂ ᠳᠦᠷᠢᠮ ᠲᠣᠭᠲᠠᠭᠠᠯ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠡᠷᠬᠡ ᠣᠯᠭᠣᠬᠤ ᠡᠷᠬᠡ᠎ᠶᠢ ᠬᠡᠷᠡᠭᠯᠡᠬᠦ ᠡᠷᠬᠡ᠎ᠶᠢ ᠡᠵᠡᠮᠳᠡᠬᠦ᠎ᠶᠢ ᠬᠠᠷᠢᠯᠴᠠᠨ ᠨᠢᠭᠡᠳᠦᠭᠦᠯᠦᠭᠰᠡᠨ᠂ ᠢᠯᠡ ᠲᠣᠳᠣ᠌ ᠮᠥᠷᠳᠡᠵᠦ ᠪᠣᠯᠬᠤ ᠳᠦᠷᠢᠮ᠎ᠦᠨ ᠲᠣᠭᠲᠠᠴᠠ᠎ᠶᠢ ᠪᠦᠷᠢᠨᠰᠢᠭᠦᠯᠵᠦ᠂ ᠳᠦᠷᠢᠮ᠎ᠦᠨ ᠬᠡᠷᠡᠭᠵᠢᠭᠦᠯᠬᠦ ᠬᠦᠴᠦᠨ᠎ᠢ ᠬᠦᠴᠦᠯᠡᠨ ᠳᠡᠭᠡᠭᠰᠢᠯᠡᠭᠦᠯᠵᠦ᠂ ᠳᠦᠷᠢᠮ᠎ᠦᠨ ᠬᠡᠷᠡᠭᠵᠢᠭᠦᠯᠦᠯᠲᠡ᠎ᠶᠢᠨ ᠦᠷ᠎ᠡ ᠪᠦᠲᠦᠮᠵᠢ᠎ᠶᠢ ᠮᠥᠷᠳᠡᠨ ᠠᠰᠠᠭᠤᠬᠤ ᠪᠠ ᠬᠢᠨᠠᠯᠲᠠ ᠲᠠᠯᠪᠢᠵᠤ ᠪᠠᠢᠴᠠᠭᠠᠬᠤ᠎ᠶᠢ ᠴᠢᠩᠭᠠᠳᠬᠠᠵᠤ᠂ ᠬᠠᠤᠯᠢ ᠲᠣᠭᠲᠠᠭᠠᠯ ᠳᠦᠷᠢᠮ᠎ᠦᠨ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠬᠠᠤᠯᠢ ᠰᠠᠬᠢᠯᠭ᠎ᠠ᠎ᠶᠢ ᠣᠢᠯᠠᠭᠠᠬᠤ᠂ ᠶᠣᠰᠣ᠌ ᠳᠦᠷᠢᠮ᠎ᠢ ᠣᠢᠯᠠᠭᠠᠬᠤ᠂ ᠪᠢᠰᠢᠷᠡᠨ ᠵᠢᠷᠦᠬᠡᠰᠢᠶᠡᠬᠦ᠎ᠶᠢ ᠮᠡᠳᠡᠬᠦ ᠪᠣᠯᠭᠠᠬᠤ ᠬᠡᠷᠡᠭᠲᠡᠢ᠃ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠨᠡᠩ ᠰᠡᠷᠭᠡᠭ᠎ᠢᠶᠡᠷ ᠡᠷᠡᠰ ᠰᠢᠭᠤᠷᠬᠠᠢ᠎ᠪᠠᠷ ᠲᠦᠯᠬᠢᠨ ᠠᠬᠢᠭᠤᠯᠵᠤ ᠂ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠬᠠᠮᠲᠤ ᠳ᠋ᠤᠨᠢ ᠪᠠᠢᠴᠠᠭᠠᠵᠤ ᠬᠠᠮᠲᠤ ᠳ᠋ᠤᠨᠢ ᠵᠠᠰᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠰᠢᠭᠢᠳᠬᠡᠯᠳᠦ ᠮᠠᠶᠢᠭ᠋᠎ᠤᠨ ᠬᠢᠨᠠᠯᠲᠠ᠂ ᠨᠡᠪᠲᠡᠯᠬᠦ ᠮᠠᠶᠢᠭ᠋᠎ᠤᠨ ᠪᠠᠢᠴᠠᠭᠠᠯᠲᠠ᠂ ᠪᠣᠰᠣᠭ᠎ᠠ ᠴᠣᠭᠴᠠᠲᠤ ᠮᠠᠶᠢᠭ᠋᠎ᠤᠨ ᠰᠤᠳᠤᠯᠤᠨ ᠮᠠᠭᠠᠳᠯᠠᠯᠲᠠ᠎ᠶᠢ ᠴᠢᠩᠭᠠᠳᠬᠠᠵᠤ᠂ ᠡᠯ᠎ᠡ ᠲᠦᠷᠦᠯ᠎ᠦᠨ ᠢᠯᠵᠠᠷᠠᠯ᠎ᠤᠨ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠵᠦ᠂ ᠣᠨᠣᠪᠴᠢᠲᠠᠶ ᠢᠯᠭᠠᠨ ᠲᠠᠨᠢᠵᠤ᠂ ᠪᠦᠲᠦᠮᠵᠢᠲᠡᠶ᠎ᠪᠡᠷ ᠵᠠᠰᠠᠵᠤ᠂ ᠢᠯᠵᠠᠷᠠᠯ᠎ᠤᠨ ᠡᠭᠦᠰᠦᠨ ᠥᠰᠬᠦ ᠬᠥᠷᠥᠰᠥ ᠰᠢᠷᠣᠢ ᠪᠠ ᠨᠥᠬᠥᠴᠡᠯ᠎ᠢ ᠪᠦᠬᠦ ᠲᠠᠯ᠎ᠠ᠎ᠪᠠᠷ ᠠᠷᠢᠯᠭᠠᠵᠤ᠂ ᠢᠯᠵᠠᠷᠠᠯ᠎ᠢ ᠵᠠᠪᠠᠯ ᠡᠰᠡᠷᠭᠦᠴᠡᠬᠦ᠂ ᠱᠠᠮᠰᠢᠭ᠍ᠴᠢ᠎ᠶᠢ ᠵᠠᠪᠠᠯ ᠠᠷᠢᠯᠭᠠᠬᠤ᠂ ᠮᠠᠭᠤ᠎ᠶᠢ ᠪᠦᠬᠦᠨ᠎ᠢ ᠠᠷᠢᠯᠭᠠᠬᠤ᠎ᠶᠢ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            