1 ᠳ᠋ᠦ᠍ᠭᠡᠷ ᠰᠠᠷ᠎ᠠ᠎ᠶᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠭᠢᠯᠡᠵᠦ᠂ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ ᠂ ᠲᠢᠩᠬᠢᠮ᠎ᠦᠨ ᠪᠠᠢᠭᠤᠯᠭ᠎ᠠ᠎ᠶᠢᠨ ᠡᠯ᠎ᠡ ᠭᠠᠵᠠᠷ ᠭᠡᠷ ᠵᠢᠴᠢ ᠲᠢᠩᠬᠢᠮ᠎ᠦᠨ ᠬᠠᠷᠢᠶ᠎ᠠ ᠡᠯ᠎ᠡ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
ᠬᠤᠷᠠᠯ᠎ᠠᠴᠠ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠠᠩᠭᠢᠯᠠᠭ᠎ᠠ᠎ᠶᠢᠨ ᠵᠢᠯ᠎ᠳᠦ ᠬᠤᠷᠠᠯᠳᠤᠭᠤᠯᠤᠭᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠣᠨ᠎ᠠ᠂ ᠶᠡᠷᠦᠩᠬᠡᠢ ᠱᠦᠵᠢ ᠰᠢ᠎ᠶᠢᠨ ᠫᠢᠩ ᠪᠥᠬᠥᠳᠡ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶᠠᠨ᠎ᠳᠠᠭᠠᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠳᠦ ᠲᠤᠯᠭᠠᠷᠠᠵᠤ ᠪᠠᠢᠭ᠎ᠠ ᠪᠤᠳᠤᠯᠢᠶᠠᠨᠲᠠᠢ ᠪᠠᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠦᠷᠭᠦᠯᠵᠢᠯᠡᠨ ᠬᠦᠴᠦ ᠲᠠᠯᠪᠢᠨ ᠭᠦᠨᠵᠡᠭᠡᠢᠷᠡᠭᠦᠯᠦᠨ ᠠᠬᠢᠭᠤᠯᠬᠤ ᠲᠠᠯ᠎ᠠ᠎ᠪᠠᠷ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠭᠦᠯᠬᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠦᠨᠡᠨ ᠬᠦ᠌ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠳᠡᠭᠡᠷ᠎ᠡ ᠨᠢᠭᠡᠳᠬᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ᠎ᠢᠶᠠᠷ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠰᠠᠬᠢᠯᠭ᠎ᠠ ᠪᠠᠲᠤ᠎ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠳᠦᠷᠢᠮ᠎ᠦᠨ ᠰᠢᠩᠭᠡᠯᠢᠭ᠎ᠢ ᠨᠢᠭ᠍ᠲᠠ ᠰᠦᠯᠵᠢᠵᠦ᠂ ᠤᠰᠤᠨ ᠠᠰᠢᠭ᠍ᠯᠠᠯᠲᠠ᠎ᠶᠢᠨ ᠬᠦᠴᠦᠨ ᠵᠦᠢᠯ᠎ᠢ ᠬᠢᠨᠠᠨ ᠵᠥᠪᠰᠢᠶᠡᠷᠡᠬᠦ᠂ ᠤᠰᠤᠨ ᠠᠰᠢᠭ᠍ᠯᠠᠯᠲᠠ᠎ᠶᠢᠨ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠬᠢᠨᠠᠨ ᠪᠠᠢᠴᠠᠭᠠᠬᠤ ᠵᠡᠷᠭᠡ ᠵᠠᠰᠠᠭ ᠵᠠᠬᠢᠷᠭᠠᠨ᠎ᠤ ᠡᠷᠬᠡ᠎ᠶᠢᠨ ᠵᠢᠷᠤᠮᠵᠢᠯ ᠪᠠ ᠬᠢᠨᠠᠯᠲᠠ᠎ᠶᠢ ᠴᠢᠩᠭᠠᠳᠬᠠᠵᠤ᠂ ᠳᠦᠷᠢᠮ᠎ᠦᠨ ᠳᠤᠲᠠᠭᠤᠳᠠᠯ ᠪᠠ ᠳᠤᠲᠠᠭᠳᠠᠯ᠎ᠳᠤ ᠴᠢᠭᠯᠡᠭᠦᠯᠦᠭᠰᠡᠨ ᠲᠣᠭᠲᠠᠭᠠᠬᠤ ᠥᠭᠡᠷᠡᠴᠢᠯᠡᠬᠦ ᠬᠦᠴᠦᠨ ᠦᠭᠡᠢ ᠪᠣᠯᠭᠠᠬᠤ ᠲᠠᠢᠯᠪᠤᠷᠢᠯᠠᠬᠤ ᠵᠡᠷᠭᠡ᠎ᠶᠢ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠡᠷᠬᠡ᠎ᠶᠢᠨ ᠠᠵᠢᠯᠯᠠᠭᠠᠨ᠎ᠤ ᠪᠥᠬᠥ ᠶᠠᠪᠤᠴᠠ᠂ ᠡᠯ᠎ᠡ ᠭᠣᠭᠴᠣᠭ᠎ᠠ᠎ᠶᠢ ᠬᠠᠮᠤᠷᠤᠭᠰᠠᠨ ᠳᠦᠷᠢᠮ᠎ᠦᠨ ᠵᠢᠷᠤᠮᠵᠢᠯ᠎ᠢ ᠪᠦᠷᠢᠨᠰᠢᠭᠦᠯᠬᠦ ᠬᠡᠷᠡᠭᠲᠡᠢ᠃ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠳᠣᠲᠣᠭᠠᠳᠤ᠎ᠶᠢᠨ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠵᠦ᠂ 《 ᠨᠢᠭᠡᠳᠦᠭᠡᠷ ᠤᠳᠤᠷᠢᠳᠤᠯᠭ᠎ᠠ 》 ᠪᠠ ᠤᠳᠤᠷᠢᠳᠬᠤ ᠪᠠᠭ᠎ᠲᠤ ᠲᠠᠯᠪᠢᠬᠤ ᠬᠢᠨᠠᠯᠲᠠ ᠬᠢᠵᠠᠭᠠᠷᠯᠠᠯ᠎ᠢ ᠴᠢᠩᠭᠠᠳᠬᠠᠬᠤ ᠬᠡᠷᠡᠭᠲᠡᠢ᠃ ᠤᠰᠤᠨ ᠠᠰᠢᠭ᠍ᠯᠠᠯᠲᠠ᠎ᠶᠢᠨ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶᠢ ᠭᠦᠨᠵᠡᠭᠡᠢᠷᠡᠭᠦᠯᠵᠦ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ᠂ ᠠᠷᠠᠳᠴᠢᠯᠠᠯ᠎ᠤᠨ ᠬᠢᠨᠠᠯᠲᠠ᠂ ᠬᠠᠤᠯᠢ ᠴᠠᠭᠠᠵᠠ᠎ᠶᠢᠨ ᠬᠢᠨᠠᠯᠲᠠ᠂ ᠤᠯᠠᠨ ᠲᠦᠮᠡᠨ᠎ᠦ ᠬᠢᠨᠠᠯᠲᠠ ᠪᠠ ᠶᠠᠷᠢᠶ᠎ᠠ ᠬᠡᠯᠡᠯᠴᠡᠭᠡᠨ᠎ᠦ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠵᠦ᠂ ᠡᠷᠬᠡ᠎ᠶᠢᠨ ᠠᠵᠢᠯᠯᠠᠭ᠎ᠠ᠎ᠨᠢ ᠭᠠᠵᠠᠷ ᠪᠣᠯᠭᠠᠨ᠎ᠳᠤ ᠣᠷᠣ᠌ ᠮᠥᠷ ᠦᠯᠡᠳᠡᠭᠡᠵᠦ᠂ ᠪᠦᠬᠦ ᠶᠠᠪᠤᠴᠠ᠎ᠳᠤ ᠥᠭᠰᠥᠨ ᠨᠡᠬᠡᠮᠵᠢᠯᠡᠵᠦ᠂ ᠢᠯᠡ ᠲᠣᠳᠣ᠌ ᠪᠠᠢᠯᠭᠠᠬᠤ ᠬᠡᠷᠡᠭᠲᠡᠢ᠃ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠰᠦᠷ ᠬᠦᠴᠦᠲᠦ ᠪᠠᠢᠳᠠᠯ᠎ᠢ ᠪᠠᠲᠤᠯᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠰᠢᠰᠲᠧᠮ᠎ᠲᠠᠢ᠎ᠪᠡᠷ ᠴᠡᠭᠴᠡᠯᠡᠨ ᠵᠠᠰᠠᠬᠤ ᠠᠵᠢᠯ᠎ᠢ ᠦᠨᠡᠨ ᠪᠣᠳᠠᠲᠠᠢ᠎ᠪᠠᠷ ᠥᠷᠨᠢᠭᠦᠯᠵᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠰᠤᠨ ᠠᠰᠢᠭ᠍ᠯᠠᠯᠲᠠ ᠤᠰᠤᠨ᠎ᠤ ᠶᠠᠪᠤᠳᠠᠯ᠎ᠤᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠰᠢᠰᠲᠧᠮ᠎ᠲᠠᠢ᠎ᠪᠡᠷ ᠴᠡᠭᠴᠡᠯᠡᠨ ᠵᠠᠰᠠᠬᠤ ᠦᠷ᠎ᠡ ᠪᠦᠲᠦᠮᠵᠢ᠎ᠶᠢ ᠪᠡᠬᠢᠵᠢᠭᠦᠯᠬᠦ ᠬᠡᠷᠡᠭᠲᠡᠢ᠃ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠡᠳᠦᠷ ᠲᠤᠳᠤᠮ᠎ᠤᠨ ᠬᠥᠮᠦᠵᠢᠯ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯ᠎ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠥᠭᠵᠢᠯᠲᠡ᠎ᠶᠢᠨ ᠦᠵᠡᠯᠲᠡ᠎ᠪᠡᠨ ᠲᠥᠪ ᠪᠣᠯᠭᠠᠵᠤ᠂ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠨ ᠠᠵᠢᠯᠯᠠᠵᠤ᠂ 《 15 · 5 》᠎ᠶᠢᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠭᠣᠣᠯ ᠬᠠᠷᠠᠯᠲᠠ ᠪᠠ ᠴᠢᠬᠤᠯᠠ ᠶᠡᠬᠡ ᠡᠭᠦᠷᠭᠡ᠎ᠶᠢ ᠴᠢᠩᠭ᠎ᠠ ᠠᠩᠬᠠᠷᠴᠤ ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠨ ᠵᠠᠰᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢᠲᠤᠷ ᠠᠳᠬᠤᠵᠤ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠲᠥᠪ ᠰᠤᠷᠲᠠᠯ ᠪᠠ ᠡᠷᠡᠯᠬᠡᠭᠯᠡᠨ ᠲᠡᠮᠡᠴᠡᠬᠦ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ᠎ᠶᠢ ᠲᠦᠯᠬᠢᠨ ᠠᠬᠢᠭᠤᠯᠵᠤ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠤᠰᠤᠨ᠎ᠤ ᠠᠮᠤᠷ ᠲᠦᠪᠰᠢᠨ᠎ᠦ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠠᠴᠠ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠢ ᠤᠳᠤᠷᠢᠳᠬᠤ ᠳᠦᠷᠢᠮ 》 ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ 《 ᠳᠦᠷᠢᠮ 》᠎ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠨ᠂ ᠤᠰᠤᠨ᠎ᠤ ᠬᠠᠤᠯᠢ ᠲᠣᠭᠲᠠᠭᠠᠯ᠎ᠤᠨ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠡᠬᠢ ᠪᠠᠶᠠᠯᠢᠭ᠋ ᠪᠠ ᠬᠠᠤᠯᠢ ᠬᠡᠷᠡᠭᠵᠢᠭᠦᠯᠬᠦ ᠬᠦᠴᠦᠨ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠰᠬᠠᠢ ᠮᠡᠷᠭᠡᠵᠢᠯ᠎ᠦᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠶᠢᠨ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃