ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠯᠢ ᠭᠦᠸᠧ ᠶᠢᠩ ᠤᠰᠤᠨ ᠠᠰᠢᠭ᠍ᠯᠠᠯᠲᠠ᠎ᠶᠢᠨ ᠶᠠᠮᠤᠨ᠎ᠤ ᠶᠠᠮᠤᠨ᠎ᠤ ᠶᠠᠪᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-20

      1 ᠳ᠋ᠦ᠍ᠭᠡᠷ ᠰᠠᠷ᠎ᠠ᠎ᠶᠢᠨ 15᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠤᠯᠤᠰ᠎ᠤᠨ ᠤᠰᠤᠨ ᠠᠰᠢᠭ᠍ᠯᠠᠯᠲᠠ᠎ᠶᠢᠨ ᠲᠣᠣᠷ᠎ᠤᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠤ ᠤᠰᠤ ᠬᠠᠩᠭᠠᠬᠤ ᠴᠢᠨᠠᠷ ᠰᠠᠢᠲᠠᠢ ᠬᠥᠭᠵᠢᠯᠲᠡ᠎ᠶᠢᠨ ᠠᠵᠢᠯ᠎ᠢ ᠰᠤᠳᠤᠯᠤᠨ ᠪᠠᠢᠷᠢᠯᠠᠭᠤᠯᠪᠠ᠃
      ᠬᠤᠷᠠᠯ᠎ᠠᠴᠠ᠂ ᠤᠯᠤᠰ᠎ᠤᠨ ᠤᠰᠤᠨ ᠠᠰᠢᠭ᠍ᠯᠠᠯᠲᠠ᠎ᠶᠢᠨ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠰᠢᠰᠲᠧᠮ ᠨᠢ ᠪᠦᠷᠢᠨ ᠲᠥᠬᠥᠷ᠂ ᠠᠮᠤᠷ ᠲᠦᠪᠰᠢᠨ ᠪᠥᠭᠡᠳ ᠨᠠᠢᠳᠠᠪᠤᠷᠢᠲᠠᠢ᠂ ᠡᠷᠴᠢᠮᠯᠢᠭ ᠪᠥᠭᠡᠳ ᠥᠨᠳᠥᠷ ᠦᠷ᠎ᠡ ᠠᠰᠢᠭ᠋᠎ᠲᠠᠢ᠂ ᠪᠣᠬᠢᠷᠲᠤᠯ ᠦᠭᠡᠢ ᠪᠥᠭᠡᠳ ᠣᠶᠤᠨᠴᠢᠯᠠᠭᠰᠠᠨ᠂ ᠤᠷᠴᠢᠯᠳᠦᠬᠦᠯᠦᠨ ᠰᠠᠭᠠᠳ ᠦᠭᠡᠢ ᠨᠡᠪᠲᠡᠷᠡᠭᠦᠯᠬᠦ᠂ ᠲᠣᠬᠢᠷᠠᠭᠤᠯᠤᠨ ᠡᠵᠡᠮᠳᠡᠬᠦ ᠨᠢ ᠡᠮᠬᠢ ᠵᠢᠷᠤᠮ᠎ᠲᠠᠢ 》 ᠣᠳᠣᠬᠢᠴᠢᠯᠠᠭᠰᠠᠨ ᠤᠰᠤᠨ᠎ᠤ ᠲᠣᠣᠷ᠎ᠢ ᠲᠦᠷᠭᠡᠳᠬᠡᠨ ᠪᠠᠢᠭᠤᠯᠵᠤ᠂ ᠦᠶᠡᠷ ᠤᠰᠤᠲᠤᠯ᠎ᠤᠨ ᠭᠠᠮᠰᠢᠭ᠋᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠬᠤᠳᠠ ᠬᠥᠳᠡᠭᠡ᠎ᠶᠢᠨ ᠤᠰᠤ ᠬᠠᠩᠭᠠᠬᠤ᠎ᠶᠢ ᠪᠠᠲᠤᠯᠠᠬᠤ ᠴᠢᠳᠠᠪᠤᠷᠢ᠎ᠶᠢ ᠨᠡᠮᠡᠭᠳᠡᠭᠦᠯᠦᠨ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠦ ᠤᠰᠤᠨ᠎ᠤ ᠠᠮᠤᠷ ᠲᠦᠪᠰᠢᠨ ᠪᠥᠭᠡᠳ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠤᠰᠤᠨ ᠠᠰᠢᠭ᠍ᠯᠠᠯᠲᠠ᠎ᠶᠢᠨ ᠲᠣᠣᠷ᠎ᠤᠨ ᠢᠨᠵᠧᠨᠧᠷᠢᠩ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠴᠦ᠂ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠲᠥᠷᠥᠯ ᠵᠦᠢᠯ ᠲᠣᠭᠲᠠᠭᠠᠬᠤ᠂ ᠪᠠᠷᠢᠯᠭ᠎ᠠ ᠪᠠᠷᠢᠬᠤ᠂ ᠰᠢᠯᠭᠠᠨ ᠠᠪᠬᠤ ᠪᠥᠬᠥ ᠶᠠᠪᠤᠴᠠ᠎ᠶᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠴᠢᠩᠳᠠᠯᠠᠵᠤ᠂ ᠤᠰᠤᠨ ᠠᠰᠢᠭ᠍ᠯᠠᠯᠲᠠ᠎ᠶᠢᠨ ᠲᠣᠣᠷ᠎ᠤᠨ ᠠᠮᠤᠷ ᠲᠦᠪᠰᠢᠨ᠎ᠦ ᠤᠶᠠᠨ ᠬᠠᠳᠠᠨ ᠴᠢᠨᠠᠷ ᠪᠠ ᠡᠵᠡᠩᠨᠡᠯᠲᠡ᠎ᠶᠢᠨ ᠦᠷᠭᠦᠯᠵᠢᠯᠡᠬᠦ ᠴᠢᠨᠠᠷ᠎ᠢ ᠲᠡᠭᠡᠭᠰᠢᠯᠡᠬᠦᠯᠬᠦ ᠬᠡᠷᠡᠭᠲᠡᠢ᠃ ᠬᠥᠳᠡᠭᠡ ᠲᠣᠰᠬᠣᠨ᠎ᠤ ᠤᠰᠤ ᠬᠠᠩᠭᠠᠬᠤ᠎ᠶᠢ ᠬᠠᠤᠯᠢ᠎ᠪᠠᠷ ᠵᠠᠰᠠᠬᠤ ᠪᠠᠲᠤᠯᠠᠭ᠎ᠠ᠎ᠶᠢ ᠴᠢᠩᠭᠠᠳᠬᠠᠵᠤ᠂ ᠬᠥᠳᠡᠭᠡ ᠲᠣᠰᠬᠣᠨ᠎ᠤ ᠤᠰᠤ ᠬᠠᠩᠭᠠᠬᠤ 《3+1》 ᠪᠠᠷᠢᠮᠵᠢᠶᠠᠵᠢᠭᠤᠯᠬᠤ ᠪᠠᠢᠭᠤᠯᠤᠯᠲᠠ ᠪᠣᠯᠣᠨ ᠬᠠᠮᠢᠶᠠᠷᠴᠤ ᠬᠠᠮᠠᠭᠠᠯᠠᠬᠤ ᠵᠠᠭᠪᠤᠷ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠨᠠᠷᠢᠨ ᠪᠣᠳᠠᠲᠠᠢ ᠠᠬᠢᠭᠤᠯᠵᠤ᠂ ᠤᠰᠤᠨ᠎ᠤ ᠡᠬᠢ ᠰᠤᠷᠪᠤᠯᠵᠢ᠎ᠠᠴᠠ ᠤᠰᠤ ᠳᠠᠮᠵᠢᠭᠤᠯᠬᠤ ᠭᠣᠭᠣᠵᠢᠭᠤᠷ ᠬᠦᠷᠲᠡᠯᠡᠬᠢ ᠪᠦᠬᠦ ᠶᠠᠪᠤᠴᠠ᠎ᠶᠢᠨ ᠤᠰᠤ ᠬᠠᠩᠭᠠᠬᠤ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠬᠥᠳᠡᠭᠡ ᠲᠣᠰᠬᠣᠨ᠎ᠤ ᠤᠰᠤ ᠬᠠᠩᠭᠠᠬᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            