ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ 2025 ᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-23

      1 ᠳ᠋ᠦ᠍ᠭᠡᠷ ᠰᠠᠷ᠎ᠠ᠎ᠶᠢᠨ 21᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ 2025 ᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠵᠤ᠂ ᠲᠢᠩᠬᠢᠮ᠎ᠦᠨ ᠬᠠᠷᠢᠶ᠎ᠠ ᠨᠢᠭᠡᠴᠢ ( ᠭᠠᠵᠠᠷ ᠭᠡᠷ )᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ 2025 ᠣᠨ᠎ᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠰᠣᠨᠣᠰᠴᠤ᠂ ᠠᠷᠠᠳᠴᠢᠯᠠᠯ᠎ᠢᠶᠠᠷ ᠦᠨᠡᠯᠡᠨ ᠶᠠᠷᠢᠯᠴᠠᠬᠤ᠎ᠶᠢ ᠥᠷᠨᠢᠭᠦᠯᠪᠡ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠭᠢᠯᠡᠭᠰᠡᠨ ᠪᠥᠭᠡᠳ ᠳ᠋ᠦᠩᠨᠡᠯᠲᠡ᠎ᠶᠢᠨ ᠶᠠᠷᠢᠶ᠎ᠠ ᠲᠠᠯᠪᠢᠵᠤ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠬᠤᠷᠠᠯ᠎ᠳᠤ ᠣᠷᠣᠯᠴᠠᠵᠠᠢ᠃
      ᠬᠤᠷᠠᠯ᠎ᠠᠴᠠ ᠲᠤᠬᠠᠢ᠎ᠶᠢᠨ ᠲᠠᠯᠠᠪᠤᠷ᠎ᠲᠤ ᠲᠤᠰᠢᠶᠠᠯ᠎ᠤᠨ ᠮᠡᠳᠡᠭᠦᠯᠦᠯᠲᠡ ᠬᠢᠬᠦ ᠪᠠ ᠪᠢᠴᠢᠭ᠎ᠦᠨ ᠬᠡᠯᠪᠡᠷᠢ᠎ᠪᠡᠷ ᠲᠤᠰᠢᠶᠠᠯ᠎ᠤᠨ ᠮᠡᠳᠡᠭᠦᠯᠦᠯᠲᠡ ᠬᠢᠬᠦ᠎ᠶᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠶᠠᠪᠤᠭᠳᠠᠭᠤᠯᠪᠠ᠃ ᠬᠤᠷᠠᠯ ᠳᠡᠭᠡᠷ᠎ᠡ᠂ 6 ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠂ 1 ᠨᠠᠮ᠎ᠤᠨ ᠶᠡᠷᠦᠩᠬᠡᠢ ᠡᠭᠦᠷ᠂ 1 ᠪᠠᠢᠭᠤᠯᠭ᠎ᠠ᠎ᠶᠢᠨ ᠨᠠᠮ᠎ᠤᠨ ᠡᠭᠦᠷ᠎ᠦᠨ ᠱᠦᠵᠢ ᠲᠡᠰ ᠳᠠᠷᠠᠭᠠᠯᠠᠨ ᠲᠤᠬᠠᠢ᠎ᠶᠢᠨ ᠲᠠᠯᠠᠪᠤᠷ᠎ᠲᠤ ᠲᠤᠰᠢᠶᠠᠯ᠎ᠤᠨ ᠮᠡᠳᠡᠭᠦᠯᠦᠯᠲᠡ ᠬᠢᠵᠦ᠂ ᠱᠧᠩ ᠰᠢᠶᠣᠣ ᠶᠢᠦ ᠬᠠᠷᠢᠭᠤ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠰᠣᠨᠣᠰᠬᠤ᠎ᠶᠢᠨ ᠬᠠᠮᠲᠤ ᠨᠢᠭᠡᠳ ᠨᠢᠭᠡ᠎ᠪᠡᠷ ᠦᠨᠡᠯᠡᠵᠦ᠂ ᠠᠮᠵᠢᠯᠲᠠ ᠪᠦᠳᠦᠮᠵᠢ᠎ᠶᠢ ᠨᠤᠲᠠᠯᠠᠬᠤ᠎ᠶᠢᠨ ᠬᠠᠮᠲᠤ ᠪᠠᠰᠠ ᠠᠰᠠᠭᠤᠳᠠᠯ᠎ᠤᠨ ᠬᠦᠷᠦᠯᠴᠡᠬᠦ ᠦᠭᠡᠢ ᠲᠠᠯ᠎ᠠ᠎ᠶᠢ ᠵᠢᠭᠠᠨ ᠭᠠᠷᠭᠠᠵᠤ᠂ ᠠᠵᠢᠯ᠎ᠤᠨ ᠱᠠᠭᠠᠷᠳᠠᠯᠭ᠎ᠠ ᠳᠤᠷᠠᠳᠴᠤ᠂ ᠪᠤᠰᠤᠳ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠪᠢᠴᠢᠭ᠎ᠤᠨ ᠲᠤᠰᠢᠶᠠᠯ᠎ᠤᠨ ᠮᠡᠳᠡᠭᠦᠯᠦᠯᠲᠡ᠎ᠪᠡᠨ ᠳᠡᠪᠰᠢᠭᠦᠯᠵᠡᠢ᠃ ᠬᠤᠷᠠᠯ᠎ᠳᠤ ᠣᠷᠣᠯᠴᠠᠭᠰᠠᠨ ᠪᠦᠬᠦ ᠬᠥᠮᠥᠰ ᠱᠦᠵᠢ ᠨᠠᠷ᠎ᠦᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠨ ᠶᠠᠷᠢᠯᠴᠠᠪᠠ᠃
      ᠬᠤᠷᠠᠯ᠎ᠠᠴᠠ᠂ 2025 ᠣᠨ᠎ᠳᠤ ᠲᠢᠩᠬᠢᠮ᠎ᠦᠨ ᠬᠠᠷᠢᠶ᠎ᠠ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠲᠣᠬᠢᠷᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭᠠᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠡᠷ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢ ᠦᠨᠳᠦᠰᠦᠨ ᠱᠠᠲᠤ ᠲᠡᠢᠰᠢ ᠤᠷᠲᠤᠳᠬᠠᠬᠤ᠎ᠶᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ ᠪᠣᠯᠣᠨ ᠤᠰᠤᠨ ᠠᠰᠢᠭ᠍ᠯᠠᠯᠲᠠ᠎ᠶᠢᠨ ᠲᠤᠬᠠᠢᠯᠠᠭᠰᠠᠨ ᠠᠵᠢᠯ ᠭᠦᠨᠵᠡᠭᠡᠢ ᠠᠭᠤᠰᠤᠯᠴᠠᠵᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠵᠤ᠂ ᠤᠯᠤᠰ ᠲᠦᠷᠦ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠪᠡᠬᠢᠯᠡᠯᠲᠡ᠎ᠶᠢᠨ ᠰᠠᠭᠤᠷᠢ᠎ᠶᠢ ᠲᠠᠰᠤᠷᠠᠯᠳᠡ ᠦᠭᠡᠢ ᠪᠡᠬᠢᠵᠢᠭᠦᠯᠵᠦ᠂ ᠦᠢᠯᠡᠴᠢᠯᠡᠭᠡᠨ᠎ᠦ ᠲᠥᠪ᠎ᠢ ᠡᠷᠴᠢᠮᠲᠡᠢ ᠪᠦᠲᠦᠮᠵᠢᠲᠡᠢ ᠪᠣᠯᠭᠠᠵᠤ᠂ ᠰᠤᠷᠲᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠤᠯᠤᠰ ᠲᠦᠷᠦ᠎ᠶᠢᠨ ᠠᠮᠢ ᠠᠬᠤᠢ᠎ᠶᠢ ᠦᠷᠭᠦᠯᠵᠢᠯᠡᠨ ᠰᠠᠢᠵᠢᠷᠠᠭᠤᠯᠵᠠᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ 2026 ᠣᠨ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《 1571 》 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠡᠵᠡᠮᠰᠢᠵᠦ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠭᠣᠣᠯ ᠰᠢᠵᠢᠮ᠎ᠢ ᠪᠠᠲᠤ ᠪᠡᠬᠢ ᠪᠤᠶ ᠪᠣᠯᠭᠠᠬᠤ᠎ᠶᠢ ᠤᠰᠤᠨ ᠠᠰᠢᠭ᠍ᠯᠠᠯᠲᠠ᠎ᠶᠢᠨ ᠠᠵᠢᠯ᠎ᠤᠨ ᠡᠯ᠎ᠡ ᠲᠠᠯ᠎ᠠ᠎ᠶᠢᠨ ᠪᠥᠬᠥ ᠶᠠᠪᠤᠴᠠ᠎ᠳᠤ ᠲᠤᠭᠤᠰᠢᠯᠠᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠂ ᠤᠰᠤᠨ᠎ᠤ ᠠᠮᠢ ᠠᠬᠤᠢ᠎ᠶᠢ ᠬᠠᠮᠠᠭᠠᠯᠠᠨ ᠵᠠᠰᠠᠬᠤ ᠂ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠡᠷᠭᠡ ᠭᠣᠣᠯ ᠡᠭᠦᠷᠭᠡ᠎ᠶᠢᠨ ᠲᠣᠭᠣᠷᠢᠨ᠎ᠳᠤ᠂ 《 ᠨᠠᠮ᠎ᠤᠨ ᠪᠠᠢᠭᠤᠯᠤᠯᠲᠠ + 》 ᠰᠢᠷᠢᠰ ᠣᠨᠴᠠᠯᠢᠭ᠍ᠲᠤ ᠠᠵᠢᠯᠯᠠᠭ᠎ᠠ᠎ᠶᠢ ᠥᠷᠨᠢᠭᠦᠯᠵᠦ ᠂ 《 ᠱᠦᠵᠢ᠎ᠶᠢᠨ ᠲᠥᠷᠥᠯ ᠵᠦᠢᠯ 》᠎ᠢᠶᠡᠷ ᠴᠢᠬᠤᠯᠠ ᠭᠠᠷᠳᠠᠴᠠ ᠪᠣᠯᠭᠠᠵᠤ᠂ ᠴᠢᠨᠠᠷ ᠰᠠᠢᠲᠠᠢ ᠪᠠᠢᠴᠠᠭᠠᠨ ᠰᠤᠳᠤᠯᠤᠯᠲᠠ᠎ᠪᠠᠷ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠣᠯᠠᠨ ᠨᠠᠮ᠎ᠤᠨ ᠭᠡᠰᠢᠭᠦᠨ᠎ᠦ ᠣᠨᠴᠠᠭᠠᠢ ᠴᠠᠭ ᠦᠶ᠎ᠡ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠂ ᠭᠣᠣᠯᠳᠠᠯᠭ᠎ᠠ᠎ᠲᠠᠢ ᠭᠣᠭᠴᠣᠭ᠎ᠠ᠎ᠳᠤ ᠦᠵᠡᠭᠦᠯᠪᠡᠰᠦ ᠵᠣᠬᠢᠬᠤ ᠦᠢᠯᠡᠳᠦᠯ᠎ᠢᠶᠡᠨ ᠪᠠᠳᠠᠷᠠᠭᠤᠯᠬᠤ᠎ᠶᠢ ᠠᠬᠢᠭᠤᠯᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ ᠲᠠᠯ᠎ᠠ ᠎ᠪᠠᠷ ᠨᠠᠮ᠎ᠢ ᠴᠢᠩᠭ᠎ᠠ ᠵᠠᠰᠠᠬᠤ ᠎ᠶᠢ ᠠᠬᠢᠭᠤᠯᠵᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠬᠠᠮᠰᠠᠷ᠎ᠢᠶᠠᠨ ᠴᠢᠩᠭᠠᠳᠬᠠᠵᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠠᠲᠤᠳᠬᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠰᠠᠬᠢᠯᠭ᠎ᠠ ᠪᠠᠲᠤ ᠰᠤᠷᠲᠠᠯ᠎ᠤᠨ ᠪᠠᠢᠭᠤᠯᠤᠯᠲᠠ᠎ᠶᠢᠨ 《 ᠲᠦᠷᠪᠡᠨ ᠭᠤᠷᠪᠠ 》 ᠵᠢᠨ ᠠᠵᠢᠯ᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠬᠤ 《 ᠡᠷᠭᠢᠵᠦ ᠬᠠᠷᠠᠬᠤ 》 ᠶ᠋ᠢ ᠰᠠᠢᠲᠤᠷ ᠠᠳᠬᠤᠵᠤ᠂ ᠨᠡᠩ ᠤᠯᠠᠨ ᠬᠦᠷᠦᠯᠴᠡᠵᠦ ᠪᠣᠯᠬᠤᠢᠴᠠ ᠦᠷ᠎ᠡ ᠪᠦᠲᠦᠭᠡᠯ᠎ᠢᠶᠡᠷ ᠤᠯᠠᠨ ᠲᠦᠮᠡᠨ᠎ᠦ ᠢᠲᠡᠭᠡᠯ᠎ᠢ ᠣᠯᠬᠤ ᠬᠡᠷᠡᠭᠲᠡᠢ᠃ ᠵᠥᠪ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠵᠥᠪ ᠣᠨᠣᠪᠴᠢᠲᠠᠢ ᠬᠥᠮᠥᠨ ᠰᠣᠩᠭᠣᠵᠤ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠠᠷᠢᠮᠲᠠᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ᠎ᠶᠢ ᠲᠤᠪᠤᠢ᠍ᠢᠯᠭᠠᠵᠦ᠂ ᠨᠢᠭᠡ ᠰᠡᠳᠬᠢᠯ ᠨᠢᠭᠡ ᠵᠣᠷᠢᠭ᠋᠎ᠢᠶᠠᠷ ᠠᠵᠢᠯᠯᠠᠵᠤ ᠦᠢᠯᠡᠰ ᠪᠣᠰᠬᠠᠬᠤ ᠠᠭᠤᠷ ᠠᠮᠢᠰᠬᠤᠯ᠎ᠢ ᠪᠤᠢ ᠪᠣᠯᠭᠠᠵᠤ᠂ ᠺᠠᠳ᠋ᠷ᠎ᠤᠨ ᠡᠩᠨᠡᠭᠡᠨ᠎ᠦ ᠳᠣᠲᠣᠭᠠᠳᠤ᠎ᠶᠢᠨ ᠬᠥᠳᠡᠯᠭᠡᠬᠦ ᠬᠦᠴᠦᠨ ᠪᠣᠯᠣᠨ ᠪᠦᠬᠦᠯᠢ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ᠂ ᠲᠢᠩᠬᠢᠮ᠎ᠦᠨ ᠬᠠᠷᠢᠶ᠎ᠠ ᠨᠠᠮ᠎ᠤᠨ ᠬᠣᠷᠢᠶ᠎ᠠ᠂ ᠶᠡᠷᠦᠩᠬᠡᠢ ᠡᠭᠦᠷ᠂ ᠨᠠᠮ᠎ᠤᠨ ᠡᠭᠦᠷ᠎ᠦᠨ ᠱᠦᠵᠢ᠂ 《 ᠬᠣᠶᠠᠷ ᠲᠥᠯᠥᠭᠡᠯᠡᠭᠴᠢ ᠨᠢᠭᠡ ᠭᠡᠰᠢᠭᠦᠨ 》᠂ ᠨᠠᠮ᠎ᠤᠨ ᠠᠵᠢᠯ᠎ᠤᠨ ᠬᠡᠰᠡᠭ ᠺᠠᠳ᠋ᠷ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            