ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 》᠎ᠢ ᠨᠡᠢᠲᠡᠯᠡᠭᠰᠡᠨ ᠨᠢ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠤᠯᠢ᠎ᠪᠠᠷ ᠵᠠᠰᠠᠬᠤ ᠬᠡᠷᠡᠭ᠎ᠲᠦ ᠰᠣᠩᠭᠣᠭᠳᠠᠪᠠ
ᠨᠡᠶ᠋ᠢᠲᠡᠯᠡᠭᠰᠡᠨ ᠴᠠᠭ᠄ 2026-01-23

      1 ᠰᠠᠷ᠎ᠠ᠎ᠶᠢᠨ 20᠎ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ ᠬᠠᠤᠯᠢ ᠴᠠᠭᠠᠵᠠ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠠᠤᠯᠢ᠎ᠪᠠᠷ ᠣᠷᠣᠨ᠎ᠢᠶᠠᠨ ᠵᠠᠰᠠᠬᠤ ᠠᠯᠪᠠᠨ ᠭᠡᠷ ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶᠢᠨ ᠬᠠᠮᠲᠤᠷᠠᠨ ᠡᠷᠭᠢᠯᠡᠭᠰᠡᠨ 2025 ᠣᠨ᠎ᠤ 《 ᠬᠠᠤᠯᠢ᠎ᠪᠠᠷ ᠵᠠᠰᠠᠬᠤ ᠬᠡᠷᠡᠭ ᠵᠢᠴᠢ ᠬᠠᠤᠯᠢ᠎ᠪᠠᠷ ᠵᠠᠰᠠᠬᠤ ᠬᠥᠮᠥᠨ 》᠎ᠢ ᠰᠢᠯᠭᠠᠷᠠᠭᠤᠯᠬᠤ ᠠᠵᠢᠯᠯᠠᠭ᠎ᠠ᠎ᠶᠢ ᠨᠡᠢᠲᠡᠯᠡᠬᠦ ᠵᠢᠴᠢ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ 2025 ᠣᠨ᠎ᠤ 10 ᠬᠠᠤᠯᠢᠵᠢᠯ᠎ᠤᠨ ᠬᠡᠷᠡᠭ᠂ 10 ᠬᠠᠤᠯᠢᠵᠢᠯ᠎ᠤᠨ ᠬᠥᠮᠥᠨ᠎ᠢ ᠨᠡᠢᠲᠡᠯᠡᠪᠡ᠂ ᠡᠭᠦᠨ᠎ᠳᠦ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠲᠠᠨᠢᠯᠴᠠᠭᠤᠯᠤᠭᠰᠠᠨ 《 〈 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 〉᠎ᠢ ᠨᠡᠢᠲᠡᠯᠡᠭᠰᠡᠨ》 ᠨᠢ 《ᠤᠯᠠᠨ ᠰᠠᠯᠠᠭ᠎ᠠ ᠮᠥᠴᠢᠷ᠎ᠦᠨ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠬᠠᠤᠯᠢ ᠶᠣᠰᠣᠭᠠᠷ ᠪᠡᠬᠢᠵᠢᠭᠦᠯᠦᠭᠰᠡᠨ 》 ᠬᠠᠤᠯᠢᠵᠢᠯ᠎ᠤᠨ ᠬᠡᠷᠡᠭ᠎ᠲᠤ ᠰᠣᠩᠭᠣᠭᠳᠠᠪᠠ᠃
      《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 》 ( ᠳᠣᠷᠣᠭ᠍ᠰᠢ 《 ᠳᠦᠷᠢᠮ 》 ᠭᠡᠵᠦ ᠲᠣᠪᠴᠢᠯᠠᠨ᠎ᠠ )᠎ᠢ 2025 ᠣᠨ᠎ᠤ 7 ᠳ᠋ᠤᠭᠠᠷ ᠰᠠᠷ᠎ᠠ᠎ᠶᠢᠨ 24᠎ᠦ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯᠳᠤᠭᠠᠨ᠎ᠢᠶᠠᠷ ᠪᠠᠲᠤᠯᠠᠭᠠᠳ᠂ 2025 ᠣᠨ᠎ᠤ 9 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠪᠡ᠃ 《 ᠳᠦᠷᠢᠮ 》 ᠪᠣᠯ ᠮᠠᠨ᠎ᠤ ᠣᠷᠣᠨ᠎ᠤ ᠠᠩᠬᠠᠳᠠᠭ᠍ᠴᠢ ᠲᠠᠩ ᠲᠥᠷᠥᠯ᠎ᠦᠨ ᠴᠢᠬᠤᠯᠠ ᠶᠡᠬᠡ ᠰᠠᠭᠤᠷᠢ ᠪᠡᠯᠡᠳᠬᠡᠮᠵᠢ᠎ᠳᠦ ᠴᠢᠭᠯᠡᠭᠦᠯᠦᠨ ᠲᠣᠭᠲᠠᠭᠠᠭᠰᠠᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠪᠣᠯᠣᠨ᠎ᠠ᠃ 《ᠳᠦᠷᠢᠮ》᠎ᠳᠤ ᠢᠨᠵᠧᠨᠧᠷᠢᠩ᠎ᠦᠨ ᠬᠠᠮᠢᠶᠠᠷᠤᠯᠲᠠ᠎ᠶᠢᠨ ᠪᠠᠢᠭᠤᠯᠤᠮᠵᠢ᠂ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠬᠦᠷᠢᠶ᠎ᠡ ᠬᠡᠪᠴᠢᠶ᠎ᠡ᠂ ᠤᠰᠤ ᠬᠠᠩᠭᠠᠬᠤ ᠤᠰᠤᠨ᠎ᠤ ᠬᠡᠮᠵᠢᠶ᠎ᠡ᠎ᠶᠢᠨ ᠲᠣᠬᠢᠷᠠᠭᠤᠯᠤᠯᠲᠠ ᠪᠠ ᠤᠰᠤ ᠬᠡᠷᠡᠭᠯᠡᠬᠦ ᠬᠠᠮᠢᠶᠠᠷᠤᠯᠲᠠ ᠵᠢᠴᠢ ᠢᠨᠵᠧᠨᠧᠷᠢᠩ᠎ᠦᠨ ᠠᠮᠤᠷ ᠲᠦᠪᠰᠢᠨ ᠠᠵᠢᠯᠯᠠᠭᠠᠨ᠎ᠤ ᠬᠠᠮᠢᠶᠠᠷᠤᠯᠲᠠ ᠵᠡᠷᠭᠡ ᠲᠠᠯ᠎ᠠ᠎ᠪᠠᠷ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢ ᠵᠢᠷᠤᠮᠵᠢᠭᠤᠯᠪᠠ᠃ ᠬᠠᠤᠯᠢ᠎ᠪᠠᠷ ᠵᠠᠰᠠᠬᠤ᠎ᠪᠠᠷ ᠦᠨᠳᠦᠰᠦ᠎ᠶᠢ ᠪᠠᠲᠤᠳᠬᠠᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠬᠡᠳᠤ᠎ᠳᠦ ᠠᠰᠢᠭ᠍ᠲᠠᠢ ᠴᠢᠬᠤᠯᠠ ᠦᠢᠯᠡᠳᠦᠯ᠎ᠢ ᠪᠠᠳᠠᠷᠠᠭᠤᠯᠬᠤ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ᠎ᠶᠢ ᠪᠠᠲᠤᠯᠠᠬᠤ᠂ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            