1 ᠳ᠋ᠦ᠍ᠭᠡᠷ ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠤᠰᠤᠨ ᠠᠰᠢᠭ᠍ᠯᠠᠯᠲᠠ᠎ᠶᠢᠨ ᠠᠵᠢᠯ᠎ᠳᠤ ᠴᠣᠬᠣᠯᠠᠪᠤᠷᠢ ᠥᠭᠴᠡᠢ᠃ ᠬᠤᠷᠠᠯ᠎ᠠᠴᠠ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠡᠷᠡᠰ ᠭᠤᠢᠪᠢᠰᠢ ᠦᠭᠡᠢ᠎ᠪᠡᠷ ᠦᠢᠯᠡᠳᠦᠯᠭᠡᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠡᠷ ᠭᠣᠣᠯ ᠰᠢᠵᠢᠮ ᠪᠣᠯᠭᠠᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠂ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠂ ᠪᠦᠬᠦ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭᠠᠨ᠎ᠤ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》᠎ᠶᠢᠨ ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠪᠠ 2025 ᠣᠨ᠎ᠤ ᠤᠰᠤᠨ ᠠᠰᠢᠭ᠍ᠯᠠᠯᠲᠠ᠎ᠶᠢᠨ ᠠᠵᠢᠯ᠎ᠢ ᠳ᠋ᠦᠩᠨᠡᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠬᠠᠷᠠᠯᠲᠠᠲᠤ ᠡᠭᠦᠷᠭᠡ᠎ᠶᠢ ᠰᠦᠪᠡᠭᠴᠢᠯᠡᠨ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠢᠴᠢᠯᠠᠭᠰᠠᠨ ᠤᠰᠤᠨ ᠲᠣᠣᠷ᠎ᠤᠨ ᠪᠦᠲᠦᠭᠡᠨ ᠪᠠᠢᠭᠤᠯᠤᠯᠲᠠ᠎ᠪᠠᠷ ᠥᠪᠥᠷ ᠮᠣᠩᠭᠣᠯ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠵᠤ᠂ 2026 ᠣᠨ᠎ᠤ ᠤᠰᠤᠨ ᠠᠰᠢᠭ᠍ᠯᠠᠯᠲᠠ᠎ᠶᠢᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠪᠦᠬᠦ ᠣᠷᠣᠨ᠎ᠤ ᠡᠯ᠎ᠡ ᠱᠠᠲᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠶᠡᠷᠦᠩᠬᠡᠢ ᠱᠦᠵᠢ ᠰᠢ᠎ᠶᠢᠨ ᠫᠢᠩ᠎ᠤᠨ ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠤᠰᠤᠨ᠎ᠤ ᠭᠠᠮᠰᠢᠭ᠋᠂ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢᠨ ᠬᠠᠷᠠᠯᠲᠠᠲᠤ ᠡᠭᠦᠷᠭᠡ᠎ᠶᠢ ᠪᠥᠬᠥ ᠲᠠᠯ᠎ᠠ᠎ᠪᠠᠷ ᠪᠡᠶᠡᠯᠡᠭᠦᠯᠵᠦ᠂ ᠪᠥᠬᠥ ᠣᠷᠣᠨ᠎ᠤ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠎ᠶᠢ ᠪᠦᠬᠦᠯᠢ ᠴᠣᠭᠴᠠ᠎ᠪᠠᠷ ᠨᠢ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠪᠠᠢᠷᠢᠰᠢᠯ᠎ᠢ ᠨᠠᠩ ᠲᠡᠭᠦᠯᠳᠡᠷᠵᠢᠭᠦᠯᠦᠨ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠳᠤ ᠰᠢᠨ᠎ᠡ ᠦᠷ᠎ᠡ ᠪᠦᠲᠦᠮᠵᠢ ᠣᠯᠵᠤ᠂ ᠤᠰᠤᠨ᠎ᠤ ᠵᠠᠰᠠᠯᠲᠠ ᠬᠠᠮᠢᠶᠠᠷᠤᠯᠲᠠ᠎ᠶᠢᠨ ᠣᠳᠣᠬᠢᠴᠢᠯᠠᠯᠲᠠ᠎ᠳᠤ ᠰᠢᠨ᠎ᠡ ᠪᠠᠢᠳᠠᠯ᠎ᠢ ᠡᠭᠦᠳᠪᠡ᠃ ᠨᠢᠭᠡ ᠪᠦᠯᠦᠭ ᠴᠢᠬᠤᠯᠠ ᠶᠡᠬᠡ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠪᠠ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠪᠣᠶ ᠪᠣᠯᠭᠠᠵᠤ᠂ ᠤᠰᠤ ᠠᠷᠪᠢᠯᠠᠬᠤ ᠳᠦᠷᠢᠮ᠎ᠦᠨ ᠲᠥᠷᠥ᠎ᠶᠢᠨ ᠪᠣᠳᠣᠯᠭ᠎ᠠ᠎ᠶᠢᠨ ᠰᠢᠰᠲᠧᠮᠵᠢ᠎ᠶᠢ ᠪᠥᠬᠥ ᠲᠠᠯ᠎ᠠ᠎ᠪᠠᠷ ᠪᠠᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠤᠨ ᠨᠢᠷᠤᠭᠤᠪᠴᠢ ᠢᠨᠵᠧᠨᠧᠷᠢᠩ᠎ᠢ ᠴᠢᠬᠤᠯᠠ ᠶᠡᠬᠡ ᠠᠬᠢᠴᠠ᠎ᠲᠠᠢ ᠪᠣᠯᠭᠠᠵᠤ᠂ ᠡᠵᠢ ᠭᠣᠣᠯ᠎ᠤᠨ ᠬᠠᠮᠠᠭᠠᠯᠠᠯᠲᠠ ᠵᠠᠰᠠᠯᠲᠠ᠎ᠶᠢᠨ ᠬᠢᠷᠢ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠦᠨ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠬᠡᠪᠴᠢᠶ᠎ᠡ᠎ᠶᠢᠨ ᠰᠢᠨ᠎ᠡ᠎ᠶᠢ ᠡᠭᠦᠳᠴᠦ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠠᠷᠭ᠎ᠠ ᠵᠠᠮ᠎ᠢ ᠨᠠᠩ ᠣᠯᠠᠨ ᠡᠰᠢᠲᠦ ᠪᠣᠯᠭᠠᠪᠠ᠃ 2025 ᠣᠨ᠎ᠳᠤ᠂ ᠥᠭᠡᠷᠡᠴᠢᠯᠡᠯᠲᠡ᠎ᠶᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠪᠡᠷ ᠬᠥᠳᠡᠯᠭᠡᠬᠦ ᠬᠦᠴᠦᠨ ᠪᠣᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠠᠮᠢ ᠨᠠᠰᠤᠨ᠎ᠤ ᠡᠬᠢ ᠰᠤᠷᠪᠤᠯᠵᠢ᠎ᠶᠢ ᠬᠠᠮᠠᠭᠠᠯᠠᠵᠤ᠂ ᠪᠦᠯᠬᠦᠮᠳᠡᠨ ᠲᠡᠮᠡᠴᠡᠵᠦ ᠪᠠᠢᠭᠠᠳ ᠤᠰᠤ ᠠᠷᠪᠢᠯᠠᠬᠤ ᠠᠵᠢᠯᠯᠠᠭ᠎ᠠ᠎ᠶᠢ ᠥᠷᠨᠢᠭᠦᠯᠵᠦ᠂ ᠪᠦᠬᠦ ᠵᠢᠯ᠎ᠦᠨ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠵᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ᠎ᠶᠢᠨ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠂ ᠮᠥᠨ ᠴᠤ᠌ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠂ ᠰᠢᠨ᠎ᠡ ᠵᠠᠮ᠎ᠢ ᠲᠦᠷᠭᠡᠨ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠤᠰᠤᠨ ᠠᠰᠢᠭ᠍ᠯᠠᠯᠲᠠ᠎ᠶᠢᠨ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ ᠪᠣᠯᠣᠨ ᠡᠭᠦᠷᠭᠡ᠎ᠶᠢ ᠣᠨᠣᠪᠴᠢᠲᠠᠢ ᠡᠵᠡᠮᠳᠡᠵᠦ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠰᠢᠰᠲᠧᠮ᠎ᠢ ᠲᠡᠭᠦᠯᠳᠡᠷᠵᠢᠭᠦᠯᠬᠦ ᠪᠠ ᠣᠳᠣᠬᠢᠴᠢᠯᠠᠭᠰᠠᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠡᠷᠡᠭᠦᠯ ᠡᠩᠬᠡ ᠠᠮᠢ ᠨᠠᠰᠤ᠎ᠶᠢ ᠬᠠᠮᠠᠭᠠᠯᠠᠵᠤ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠎ᠶᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠤᠰᠤᠨ᠎ᠤ ᠵᠠᠰᠠᠯᠲᠠ᠎ᠶᠢᠨ ᠴᠢᠳᠠᠪᠬᠢ᠎ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠦᠵᠦ ᠲᠥᠯᠥᠪᠯᠡᠭᠡ ᠬᠢᠬᠦ᠎ᠶᠢ ᠪᠠᠷᠢᠮᠲᠠᠯᠠᠵᠤ᠂ ᠰᠢᠰᠲᠧᠮ᠎ᠲᠠᠢ᠎ᠪᠡᠷ ᠵᠠᠰᠠᠬᠤ᠂ ᠵᠣᠯᠭᠠᠭᠤᠯᠤᠨ ᠠᠭᠤᠰᠤᠯᠴᠠᠭᠤᠯᠬᠤ᠎ᠶᠢ ᠪᠠᠷᠢᠮᠲᠠᠯᠠᠵᠤ᠂ ᠬᠣᠶᠠᠷ ᠲᠠᠯ᠎ᠠ᠎ᠪᠠᠷ ᠬᠦᠴᠦᠯᠡᠬᠦ᠂ ᠪᠠᠶ᠋ᠢᠭᠤᠯᠬᠤ ᠪᠠ ᠬᠠᠮᠢᠶᠠᠷᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠲᠣᠭ᠎ᠠ ᠪᠠᠷᠢᠮᠲᠠ᠎ᠪᠠᠷ ᠡᠨᠧᠷᠭᠢ ᠣᠯᠭᠣᠬᠤ᠎ᠶᠢ ᠪᠠᠷᠢᠮᠲᠠᠯᠠᠵᠤ᠂ 2030 ᠣᠨ ᠪᠣᠯᠬᠤ᠎ᠳᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ ᠯᠦ᠍ᠭᠡ ᠵᠣᠬᠢᠴᠠᠯᠳᠤᠭᠰᠠᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠪᠠᠢᠷᠢᠰᠢᠯ᠎ᠢ ᠪᠠᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠶᠡᠷᠦᠩᠬᠡᠢ ᠰᠡᠳᠬᠢᠴᠡ ᠪᠣᠯ᠂ ᠨᠢᠭᠡᠨ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠵᠤ᠂ ᠣᠳᠣᠬᠢᠴᠢᠯᠠᠭᠰᠠᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠢ ᠲᠦᠷᠭᠡᠳᠬᠡᠨ ᠪᠠᠢᠭᠤᠯᠬᠤ ᠬᠡᠷᠡᠭᠲᠡᠢ; ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠬᠢᠭᠡᠳ ᠬᠠᠮᠢᠶᠠᠷᠤᠯᠲᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠣᠶᠠᠷ ᠡᠰᠢᠲᠦ ᠠᠭᠤᠰᠤᠯᠴᠠᠯ᠎ᠢ ᠭᠦᠨᠵᠡᠭᠡᠢᠷᠡᠭᠦᠯᠵᠦ᠂ 《 ᠬᠠᠲᠠᠭᠤ ᠲᠤᠯᠭᠠᠭᠤᠷᠢᠯᠠᠯ 》 ᠬᠢᠭᠡᠳ 《 ᠵᠥᠭᠡᠯᠡᠨ ᠪᠦᠲᠦᠭᠡᠨ ᠪᠠᠢᠭᠤᠯᠤᠯᠲᠠ 》᠎ᠶᠢ ᠬᠠᠮᠵᠢᠯᠴᠠᠨ ᠠᠬᠢᠭᠤᠯᠬᠤ ᠬᠡᠷᠡᠭᠲᠡᠢ ; ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭᠠᠵᠤ᠂ 《 ᠬᠠᠮᠲᠤ᠎ᠪᠠᠷ ᠨᠢᠭᠡ ᠮᠥᠷᠡᠨ᠎ᠦ ᠤᠰᠤ᠎ᠶᠢ ᠤᠤᠭᠤᠵᠤ᠂ ᠦᠨᠳᠦᠰᠦᠲᠡᠨ᠎ᠨᠦᠭᠦᠳ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠬᠤ 》᠂《 ᠠᠮᠢ ᠨᠠᠰᠤ᠎ᠶᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ 》᠂ 《 ᠤᠰᠤ᠎ᠶᠢ ᠨᠢ ᠤᠤᠭᠤᠪᠠᠯ ᠡᠬᠢ᠎ᠶᠢ ᠨᠢ ᠮᠠᠷᠲᠠᠬᠤ ᠦᠭᠡᠢ᠂ ᠨᠠᠮ᠎ᠤᠨ ᠠᠴᠢ᠎ᠶᠢ ᠰᠠᠨᠠᠭᠠᠯᠵᠠᠬᠤ 》᠂ 《 ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ 》 ᠤᠰᠤᠨ ᠠᠰᠢᠭ᠍ᠯᠠᠯᠲᠠ᠎ᠶᠢᠨ ᠠᠵᠢᠯ ᠲᠦᠷᠦᠯ᠎ᠦᠨ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠨᠡᠩ ᠭᠦᠨ ᠬᠠᠳᠠᠩᠰᠢᠭᠤᠯᠬᠤ ᠬᠡᠷᠡᠭᠲᠡᠢ; ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ᠂ ᠣᠳᠣᠬᠢᠴᠢᠯᠠᠭᠰᠠᠨ ᠤᠰᠤᠨ᠎ᠤ ᠲᠣᠣᠷ᠎ᠤᠨ ᠢᠨᠵᠧᠨᠧᠷᠢᠩ᠎ᠦᠨ ᠰᠢᠰᠲᠧᠮᠵᠢ᠎ᠶᠢ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠨ ᠵᠠᠰᠠᠬᠤ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠎ᠶᠢᠨ ᠰᠢᠨ᠎ᠡ᠎ᠶᠢ ᠡᠭᠦᠳᠦᠨ ᠬᠥᠭᠵᠢᠭᠦᠯᠬᠦ ᠂ ᠤᠰᠤᠨ ᠠᠰᠢᠭ᠍ᠯᠠᠯᠲᠠ᠎ᠶᠢᠨ ᠪᠠᠢᠭᠤᠯᠤᠯ ᠲᠣᠭᠲᠠᠴᠠ᠎ᠶᠢᠨ ᠬᠠᠤᠯᠢ᠎ᠪᠠᠷ ᠵᠠᠰᠠᠬᠤ ᠬᠠᠮᠢᠶᠠᠷᠤᠯᠲᠠ ᠵᠡᠷᠭᠡ ᠵᠢᠷᠭᠤᠭᠠᠨ ᠶᠡᠬᠡ ᠰᠢᠨ᠎ᠡ ᠪᠠᠢᠷᠢᠰᠢᠯ᠎ᠢ ᠪᠠᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠪᠥᠬᠥ ᠲᠠᠯ᠎ᠠ᠎ᠪᠠᠷ ᠲᠡᠭᠡᠭᠰᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 2026 ᠣᠨ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠣᠨ᠎ᠠ᠂ ᠮᠥᠨ ᠴᠤ᠌ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠬᠤ ᠵᠠᠩᠭᠢᠯᠠᠭ᠎ᠠ᠎ᠶᠢᠨ ᠨᠢᠭᠡ ᠵᠢᠯ ᠪᠣᠯᠣᠨ᠎ᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠠᠵᠢᠯ᠎ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠢᠷᠡᠭᠡᠳᠦᠢ᠎ᠶᠢᠨ 5 ᠵᠢᠯ᠎ᠦᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠬᠠᠷᠠᠯᠲᠠ ᠬᠢᠭᠡᠳ ᠡᠨᠡ ᠵᠢᠯ᠎ᠦᠨ ᠤᠰᠤᠨ ᠠᠰᠢᠭ᠍ᠯᠠᠯᠲᠠ᠎ᠶᠢᠨ ᠠᠵᠢᠯ᠎ᠢ ᠰᠠᠢᠲᠤᠷ ᠵᠣᠯᠭᠠᠭᠤᠯᠵᠤ᠂ 7 ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠬᠦ ᠬᠡᠷᠡᠭᠲᠡᠢ᠃ ᠨᠢᠭᠡ᠎ᠳᠦ᠂ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠬᠤ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠠᠵᠢᠯ᠎ᠤᠨ ᠰᠢᠰᠲᠧᠮ᠎ᠦᠨ ᠰᠢᠨ᠎ᠡ ᠠᠬᠢᠴᠠ᠎ᠲᠠᠢ ᠪᠣᠯᠬᠤ᠎ᠶᠢ ᠲᠦᠯᠬᠢᠨ ᠠᠬᠢᠭᠤᠯᠤᠨ᠎ᠠ᠃ ᠬᠣᠶᠠᠷ᠎ᠲᠤ᠂ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠤᠰᠤᠨ᠎ᠤ ᠲᠣᠣᠷ᠎ᠤᠨ ᠢᠨᠵᠧᠨᠧᠷᠢᠩ᠎ᠦᠨ ᠰᠢᠰᠲᠧᠮᠵᠢ᠎ᠶᠢᠨ ᠰᠢᠨ᠎ᠡ ᠠᠬᠢᠴᠠ᠎ᠲᠠᠢ ᠪᠣᠯᠬᠤ᠎ᠶᠢ ᠠᠬᠢᠭᠤᠯᠤᠨ᠎ᠠ᠃ ᠭᠤᠷᠪᠠ᠎ᠳᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠴᠢᠩᠭᠠᠳᠬᠠᠵᠤ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠠᠰᠢᠭ᠍ᠯᠠᠬᠤ᠎ᠶᠢ ᠲᠦᠯᠬᠢᠨ ᠠᠬᠢᠭᠤᠯᠬᠤ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠭᠠᠨ᠎ᠠ᠃ ᠳᠥᠷᠪᠡ᠎ᠳᠦ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ ᠲᠦᠷᠭᠡᠪᠴᠢᠯᠡᠨ ᠰᠡᠷᠭᠦᠭᠡᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠮᠠᠭᠠᠯᠠᠯᠲᠠ ᠵᠠᠰᠠᠯᠲᠠ᠎ᠶᠢ ᠲᠦᠯᠬᠢᠨ ᠠᠬᠢᠭᠤᠯᠬᠤ ᠲᠠᠯ᠎ᠠ᠎ᠪᠠᠷ ᠰᠢᠨ᠎ᠡ ᠠᠬᠢᠯᠲᠠ᠎ᠲᠠᠢ ᠪᠣᠯᠭᠠᠨ᠎ᠠ᠃ ᠲᠠᠪᠤ᠎ᠳᠤ᠂ ᠤᠰᠤᠨ ᠠᠰᠢᠭ᠍ᠯᠠᠯᠲᠠ᠎ᠶᠢᠨ ᠭᠣᠣᠯᠳᠠᠯᠭ᠎ᠠ᠎ᠲᠠᠢ ᠬᠦᠷᠢᠶᠡᠨ᠎ᠳᠡᠬᠢ ᠥᠭᠡᠷᠡᠴᠢᠯᠡᠯᠲᠡ᠎ᠶᠢ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠰᠢᠨ᠎ᠡ᠎ᠶᠢ ᠡᠭᠦᠳᠦᠨ ᠬᠥᠭᠵᠢᠬᠦ ᠴᠢᠳᠠᠪᠤᠷᠢ᠎ᠶᠢ ᠲᠦᠯᠬᠢᠨ ᠠᠬᠢᠭᠤᠯᠵᠤ ᠰᠢᠨ᠎ᠡ ᠠᠬᠢᠯᠲᠠ᠎ᠲᠠᠢ ᠪᠣᠯᠭᠠᠨ᠎ᠠ᠃ ᠵᠢᠷᠭᠤᠭ᠎ᠠ᠎ᠳᠤ᠂ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠴᠢᠳᠠᠪᠤᠷᠢ ᠪᠣᠯᠣᠨ ᠲᠦᠪᠰᠢᠨ᠎ᠢ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠶᠢᠨ ᠪᠠᠢᠭᠤᠯᠤᠮᠵᠢ ᠲᠣᠭᠲᠠᠴᠠ᠎ᠶᠢᠨ ᠬᠠᠤᠯᠢᠵᠢᠯ᠎ᠤᠨ ᠬᠠᠮᠢᠶᠠᠷᠤᠯᠲᠠ᠎ᠶᠢ ᠰᠢᠨ᠎ᠡ ᠠᠬᠢᠴᠠ᠎ᠲᠠᠢ ᠪᠣᠯᠭᠠᠬᠤ᠎ᠶᠢ ᠠᠬᠢᠭᠤᠯᠤᠨ᠎ᠠ᠃ ᠲᠤᠯᠤᠭ᠎ᠠ᠎ᠳᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ 2026 ᠣᠨ᠎ᠤ ᠪᠦᠬᠦ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠵᠢᠯᠣᠭᠣᠳᠪᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ᠂ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ᠂ ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠢᠴᠢ᠂ ᠡᠯ᠎ᠡ ᠠᠢᠮᠠᠭ ᠬᠣᠲᠠ᠂ ᠲᠤᠰᠠᠭᠠᠷ ᠲᠥᠯᠥᠪᠯᠡᠭᠡᠲᠦ ᠬᠣᠲᠠ᠎ᠶᠢᠨ ᠤᠰᠤᠨ ᠠᠰᠢᠭ᠍ᠯᠠᠯᠲᠠ ( ᠤᠰᠤᠨ᠎ᠤ ᠶᠠᠪᠤᠳᠠᠯ )᠎ᠶᠢᠨ ᠲᠣᠪᠴᠢᠶ᠎ᠠ᠎ᠶᠢᠨ ᠬᠠᠷᠢᠭᠤᠴᠠᠯᠭᠠᠲᠠᠨ᠂ ᠤᠰᠤᠨ ᠠᠰᠢᠭ᠍ᠯᠠᠯᠲᠠ᠎ᠶᠢᠨ ᠲᠢᠩᠬᠢᠮ᠎ᠳᠦ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠣᠯᠪᠣᠭᠳᠠᠯ ᠪᠦᠬᠦᠢ ᠨᠥᠬᠥᠳ᠂ ᠲᠢᠩᠬᠢᠮ᠎ᠦᠨ ᠪᠠᠢᠭᠤᠯᠭ᠎ᠠ᠎ᠶᠢᠨ ᠪᠥᠬᠥ ᠠᠵᠢᠯᠲᠠᠨ᠂ ᠲᠢᠩᠬᠢᠮ᠎ᠦᠨ ᠬᠠᠷᠢᠶ᠎ᠠ ᠨᠢᠭᠡᠴᠢ᠎ᠶᠢᠨ ᠤᠳᠤᠷᠢᠳᠬᠤ ᠪᠠᠭ᠎ᠤᠨ ᠪᠦᠷᠢᠯᠳᠦᠭᠦᠨ ᠬᠤᠷᠠᠯ᠎ᠳᠤ ᠣᠷᠣᠯᠴᠠᠪᠠ᠃ ᠬᠢᠩᠭᠠᠨ ᠠᠢᠮᠠᠭ᠎ᠤᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠂ ᠦᠬᠠᠢ ᠬᠤᠳᠠ᠎ᠶᠢᠨ ᠤᠰᠤᠨ᠎ᠤ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠮᠡᠷᠭᠡᠵᠢᠯ᠎ᠦᠨ ᠲᠥᠪ᠂ ᠲᠢᠩᠬᠢᠮ᠎ᠦᠨ ᠲᠥᠯᠥᠪᠯᠡᠭᠡ ᠡᠳ᠋᠎ᠦᠨ ᠶᠠᠪᠤᠳᠠᠯ᠎ᠤᠨ ᠭᠠᠵᠠᠷ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃