ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ ᠥᠪᠥᠷ ᠮᠣᠩᠭᠣᠯ᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ ᠢᠯᠡᠳᠲᠡ ᠳᠡᠭᠡᠭᠰᠢᠯᠡᠪᠡ
ᠨᠡᠶ᠋ᠢᠲᠡᠯᠡᠭᠰᠡᠨ ᠴᠠᠭ᠄ 2026-01-28

      1 ᠳ᠋ᠦ᠍ᠭᠡᠷ ᠰᠠᠷ᠎ᠠ᠎ᠶᠢᠨ 20᠎ᠤ ᠡᠳᠦᠷ ᠬᠥᠬᠡᠬᠣᠲᠠ᠎ᠳᠤ ᠬᠤᠷᠠᠯᠳᠤᠭᠰᠠᠨ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯ ᠳᠡᠭᠡᠷ᠎ᠡ᠎ᠡᠴᠡ ᠣᠢᠯᠠᠭᠠᠭᠰᠠᠨ ᠨᠢ᠄ 《 ᠠᠷᠪᠠᠨ ᠳᠥᠷᠪᠡᠳᠦᠭᠡᠷ ᠲᠠᠪᠤᠨ ᠵᠢᠯ 》᠎ᠡᠴᠡ ᠨᠠᠭᠠᠰᠢ᠂ ᠥᠪᠥᠷ ᠮᠣᠩᠭᠣᠯ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠨ ᠵᠠᠰᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠶᠡᠬᠡ᠎ᠪᠡᠷ ᠲᠦᠯᠬᠢᠨ ᠠᠬᠢᠭᠤᠯᠵᠤ᠂ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠪᠠᠨ ᠢᠯᠡᠳᠲᠡ ᠳᠡᠭᠡᠭᠰᠢᠯᠡᠭᠦᠯᠪᠡ᠃ ᠤᠰᠤᠨ᠎ᠤ ᠭᠠᠮᠰᠢᠭ᠋᠂ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠬᠤ᠎ᠪᠠᠷ ᠳᠡᠮᠵᠢᠨ᠂ 《 〈 ᠠᠷᠪᠠᠨ ᠳᠥᠷᠪᠡᠳᠦᠭᠡᠷ ᠲᠠᠪᠤᠨ ᠵᠢᠯ 〉᠎ᠦᠨ ᠲᠥᠯᠦᠪᠵᠢᠭᠦᠯᠭᠡ᠎ᠶᠢᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ 》᠎ᠳᠤ ᠲᠣᠭᠲᠠᠭᠠᠭᠰᠠᠨ 9 ᠵᠦᠢᠯ᠎ᠦᠨ ᠬᠠᠷᠠᠯᠲᠠᠲᠤ ᠡᠭᠦᠷᠭᠡ᠎ᠶᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠭᠦᠨ᠎ᠳᠦ 7 ᠵᠦᠢᠯ᠎ᠦᠨ ᠡᠭᠦᠷᠭᠡ᠎ᠶᠢ ᠳᠠᠪᠠᠭᠤᠯᠤᠨ ᠪᠡᠶᠡᠯᠡᠭᠦᠯᠪᠡ᠃
      ᠠᠶᠤᠯ᠎ᠢ ᠠᠷᠢᠯᠭᠠᠨ ᠪᠡᠬᠢᠯᠡᠬᠦ᠎ᠪᠡᠷ ᠳᠠᠮᠵᠢᠨ᠂ ᠪᠠᠲᠤ ᠪᠤᠯᠤᠩ ᠤᠰᠤᠨ ᠴᠥᠭᠥᠷᠥᠮ᠎ᠦᠨ ᠬᠠᠭᠤᠴᠢᠨ ᠳᠦᠷᠰᠦ ᠪᠠᠢᠳᠠᠯ ᠰᠢᠨ᠎ᠡ ᠳᠦᠷᠰᠦ ᠪᠠᠢᠳᠠᠯ᠎ᠢᠶᠠᠷ ᠰᠣᠯᠢᠭ᠍ᠳᠠᠪᠠ᠃
      ᠲᠠᠨᠢᠯᠴᠠᠭᠤᠯᠤᠭᠰᠠᠨ᠎ᠢᠶᠠᠷ᠂ 5 ᠵᠢᠯ᠎ᠦᠨ ᠲᠤᠷᠰᠢ᠂ ᠥᠪᠥᠷ ᠮᠣᠩᠭᠣᠯ᠎ᠤᠨ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ ᠶᠡᠷᠦᠩᠬᠡᠢ᠎ᠳᠡᠭᠡᠨ ᠳᠡᠭᠡᠭᠰᠢᠯᠡᠭᠰᠡᠨ ᠪᠠᠢᠨ᠎ᠠ᠃ ᠢᠨᠵᠧᠨᠧᠷᠢᠩ᠎ᠦᠨ ᠰᠡᠷᠭᠡᠢᠯᠡᠯᠲᠡ᠎ᠶᠢᠨ ᠰᠢᠰᠲᠧᠮ᠎ᠢ ᠲᠠᠰᠤᠷᠠᠯᠲᠠ ᠦᠭᠡᠢ ᠪᠡᠬᠢᠵᠢᠭᠦᠯᠵᠦ᠂ ᠬᠥᠨᠳᠡᠯᠡᠨ ᠵᠡᠷᠭᠡ 49 ᠡᠮᠵᠡᠭ ᠠᠶᠤᠯᠲᠠᠢ ᠴᠥᠭᠥᠷᠥᠮ᠎ᠦᠨ ᠠᠶᠤᠯ᠎ᠢ ᠠᠷᠢᠯᠭᠠᠨ ᠪᠡᠬᠢᠯᠡᠬᠦ ᠢᠨᠵᠧᠨᠧᠷᠢᠩ᠎ᠢ ᠪᠦᠬᠦ ᠲᠠᠯ᠎ᠠ ᠎ᠪᠠᠷ ᠳᠠᠭᠤᠰᠬᠠᠵᠤ᠂ ᠰᠢᠶᠣᠣ ᠪᠠᠢ ᠾᠧ ᠭᠣᠣᠯ᠎ᠤᠨ ᠪᠠᠴᠢᠮ ᠪᠠᠢᠳᠠᠯ᠎ᠢ ᠠᠷᠭᠠᠴᠠᠬᠤ ᠬᠤᠪᠢᠶᠠᠷᠢ ᠬᠡᠰᠡᠭ᠎ᠦᠨ ᠪᠠᠷᠢᠯᠭ᠎ᠠ ᠳᠠᠭᠤᠰᠴᠤ᠂ 14 ᠭᠣᠣᠯ ᠰᠠᠯᠪᠤᠷᠢ ᠤᠷᠤᠰᠬᠠᠯ᠂ 117 ᠳᠤᠮᠳᠠ ᠵᠢᠵᠢᠭ ᠭᠣᠣᠯ ᠮᠥᠷᠡᠨ᠎ᠦ ᠵᠠᠰᠠᠯᠲᠠ᠎ᠶᠢᠨ ᠦᠷ᠎ᠡ ᠠᠰᠢᠭ᠋᠎ᠢ ᠪᠠᠳᠠᠷᠠᠭᠤᠯᠵᠤ᠂ ᠵᠠᠰᠠᠭᠰᠠᠨ ᠭᠣᠣᠯ᠎ᠤᠨ ᠣᠷᠳᠣ᠌ ᠨᠢ 2777 ᠺᠢᠯᠣᠮᠧᠲᠷ ᠪᠠᠢᠵᠤ᠂ ᠭᠣᠣᠯ᠎ᠤᠨ ᠵᠠᠮ᠎ᠤᠨ ᠦᠶᠡᠷ ᠶᠠᠪᠤᠭᠤᠯᠬᠤ ᠴᠢᠳᠠᠪᠤᠷᠢ᠎ᠶᠢ ᠶᠡᠬᠡ᠎ᠪᠡᠷ ᠳᠡᠭᠡᠭᠰᠢᠯᠡᠭᠦᠯᠦᠨ᠂ ᠪᠥᠬᠥ ᠣᠷᠣᠨ᠎ᠤ 1᠎ᠠᠴᠠ 5 ᠲᠠᠰ᠎ᠤᠨ ᠭᠣᠣᠯ ᠮᠥᠷᠡᠨ᠎ᠦ ᠬᠠᠰᠢᠯᠭ᠎ᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠶᠢ 80.13% ᠪᠣᠯᠲᠠᠯ᠎ᠠ ᠳᠡᠭᠡᠭᠰᠢᠯᠡᠭᠦᠯᠵᠦ᠂ ᠤᠰᠤᠨ ᠴᠥᠭᠥᠷᠥᠮ᠂ ᠳᠠᠯᠠᠩ᠂ ᠤᠰᠤᠨ ᠬᠠᠭᠠᠯᠲᠠ᠂ ᠦᠶᠡᠷ᠎ᠢ ᠰᠠᠯᠭᠠᠬᠤ ᠣᠷᠣᠨ ᠵᠡᠷᠭᠡ᠎ᠶᠢ ᠨᠢᠭᠡ ᠴᠣᠭᠴᠠᠵᠢᠭᠤᠯᠤᠭᠰᠠᠨ ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠰᠢᠰᠲᠧᠮᠵᠢ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠡᠭᠦᠨ᠎ᠦ ᠵᠡᠷᠭᠡ᠎ᠳᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠶᠢ ᠪᠥᠬᠥ ᠲᠠᠯ᠎ᠠ᠎ᠪᠠᠷ ᠴᠢᠩᠭᠠᠳᠬᠠᠵᠤ᠂ ᠦᠶᠡᠷ᠎ᠢ ᠰᠡᠷᠭᠡᠢᠯᠡᠬᠦ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠪᠣᠯᠭᠠᠪᠠ᠃
      ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠬᠤ ᠪᠥᠭᠡᠳ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ ᠪᠠᠢᠬᠤ ᠣᠷᠣᠨ᠎ᠤ ᠪᠠᠢᠳᠠᠯ ᠤᠰᠤᠨ᠎ᠤ ᠪᠠᠢᠳᠠᠯ᠎ᠳᠤ ᠰᠠᠭᠤᠷᠢᠯᠠᠵᠤ᠂ ᠥᠪᠥᠷ ᠮᠣᠩᠭᠣᠯ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠪᠠᠢᠷᠢᠰᠢᠯ᠎ᠢ ᠨᠠᠩ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠬᠡ ᠤᠰᠤ ᠲᠠᠲᠠᠬᠤ ᠪᠠ ᠤᠰᠤ ᠲᠣᠬᠢᠷᠠᠭᠤᠯᠬᠤ ᠢᠨᠵᠧᠨᠧᠷᠢᠩ᠎ᠢᠶᠡᠷ ᠨᠢᠷᠤᠭᠤᠪᠴᠢ ᠪᠣᠯᠭᠠᠵᠤ᠂ ᠴᠢᠬᠤᠯᠠ ᠤᠰᠤᠨ ᠴᠥᠭᠥᠷᠥᠮ᠂ ᠬᠦᠢᠰᠦ᠎ᠪᠠᠷ ᠵᠠᠩᠭᠢᠯᠠᠭ᠎ᠠ᠎ᠶᠢᠨ ᠴᠡᠭ ᠪᠣᠯᠭᠠᠨ᠂ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠪᠠ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠭᠠᠷᠳᠠᠴᠠ ᠪᠣᠯᠭᠠᠵᠤ᠂ ᠣᠯᠠᠨ ᠲᠠᠰ ᠳᠠᠪᠬᠤᠷᠭ᠎ᠠ᠎ᠶᠢᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲᠧᠮᠵᠢ᠎ᠶᠢ ᠪᠠᠢᠭᠤᠯᠪᠠ᠃
      5 ᠵᠢᠯ᠎ᠦᠨ ᠲᠤᠷᠰᠢ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠲᠣᠣᠷ᠎ᠤᠨ ᠭᠣᠣᠯᠯᠠᠭ᠍ᠴᠢ ᠢᠨᠵᠧᠨᠧᠷᠢᠩ ᠴᠢᠬᠤᠯᠠ ᠶᠡᠬᠡ ᠠᠬᠢᠴᠠ᠎ᠲᠠᠢ ᠪᠣᠯᠵᠤ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ 》᠎ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ 12 ᠠᠢᠮᠠᠭ ᠬᠣᠲᠠ᠂ 99 ᠬᠣᠰᠢᠭᠤ ᠰᠢᠶᠠᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢ ᠪᠦᠬᠦᠨ᠎ᠢ ᠪᠡᠶᠡᠯᠡᠭᠦᠯᠵᠦ᠂ ᠴᠤᠤᠯ ᠭᠣᠣᠯ᠎ᠢ ᠲᠠᠲᠠᠵᠤ ᠯᠢᠶᠣᠤᠾᠧ ᠭᠣᠣᠯ᠎ᠳᠤ ᠲᠤᠰᠠᠯᠠᠬᠤ᠂ ᠴᠤᠤᠯ ᠭᠣᠣᠯ᠎ᠢ ᠲᠠᠲᠠᠵᠤ ᠯᠢᠶᠣᠤᠾᠧ ᠭᠣᠣᠯ᠎ᠳᠤ ᠲᠤᠰᠠᠯᠠᠬᠤ ᠬᠣᠶᠠᠳᠤᠭᠠᠷ ᠬᠤᠭᠤᠴᠠᠭ᠎ᠠ ᠪᠠ ᠥᠪᠥᠷ ᠮᠣᠩᠭᠣᠯ᠎ᠤᠨ ᠰᠠᠯᠪᠤᠷᠢ ᠱᠤᠭᠤᠮ ᠵᠡᠷᠭᠡ ᠴᠢᠬᠤᠯᠠ ᠶᠡᠬᠡ ᠤᠰᠤ ᠲᠠᠲᠠᠵᠤ ᠲᠣᠬᠢᠷᠠᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠳ᠋ᠦᠩ᠎ᠲᠠᠢ ᠽᠢ᠂ ᠭᠠᠬᠠᠢᠲᠤ ᠠᠭᠤᠯᠠ᠂ ᠬᠤᠪᠠ᠎ᠶᠢᠨ ᠭᠣᠸ᠋ ᠵᠡᠷᠭᠡ ᠤᠰᠤᠨ ᠠᠰᠢᠭ᠍ᠯᠠᠯᠲᠠ᠎ᠶᠢᠨ ᠬᠦᠢᠰᠦ᠂ ᠤᠰᠤᠨ ᠴᠥᠭᠥᠷᠥᠮ᠎ᠦᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠂ ᠤᠰᠤ ᠬᠠᠩᠭᠠᠬᠤ ᠴᠢᠳᠠᠪᠤᠷᠢ᠎ᠶᠢ 6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠵᠡᠢ; ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠭᠰᠠᠨ ᠤᠰᠤᠨ ᠠᠰᠢᠭ᠍ᠯᠠᠯᠲᠠ᠎ᠶᠢᠨ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠵᠦ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠂ ᠳ᠋ᠧᠩ ᠺᠧᠦ᠎ᠶᠢᠨ ᠤᠰᠤ ᠲᠠᠲᠠᠬᠤ ᠤᠰᠤᠯᠠᠯᠲᠠ᠎ᠶᠢᠨ ᠣᠷᠣᠨ ᠵᠡᠷᠭᠡ 28 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠢᠨᠵᠧᠨᠧᠷᠢᠩ᠎ᠢ ᠬᠡᠷᠡᠭᠵᠢᠭᠦᠯᠦᠨ᠂ 520 ᠲᠦᠮᠡᠨ ᠮᠦ᠍ ᠤᠰᠤᠯᠠᠯᠲᠠ᠎ᠶᠢᠨ ᠲᠠᠯᠠᠪᠠᠶ᠎ᠶᠢ ᠰᠠᠢᠵᠢᠷᠠᠭᠤᠯᠪᠠ ; ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠵᠦ᠂ 43 ᠲᠦᠮᠡᠨ ᠬᠡᠰᠡᠭ᠎ᠦᠨ ᠤᠰᠤ ᠬᠠᠩᠭᠠᠬᠤ ᠢᠨᠵᠧᠨᠧᠷᠢᠩ᠎ᠢ ᠪᠠᠢᠭᠤᠯᠤᠨ ᠳᠠᠭᠤᠰᠬᠠᠵᠤ᠂ 1020 ᠲᠦᠮᠡᠨ ᠬᠥᠮᠥᠨ᠎ᠢ ᠬᠠᠮᠤᠷᠤᠨ᠂ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤ᠎ᠶᠢ ᠲᠦᠭᠡᠮᠡᠯᠵᠢᠭᠦᠯᠦᠭᠰᠡᠨ ᠨᠣᠷᠮ᠎ᠠ᠎ᠶᠢ 85.1%᠎ᠳᠤ ᠬᠦᠷᠦᠭᠦᠯᠪᠡ᠃
ᠥᠨᠳᠡᠭᠡᠨ ᠤᠰᠤᠨ ᠠᠰᠢᠭ᠍ᠯᠠᠯᠲᠠ᠎ᠶᠢᠨ ᠬᠦᠢᠰᠦ ᠦᠶᠡᠷ᠎ᠦᠨ ᠤᠰᠤ᠎ᠶᠢ ᠵᠠᠯᠠᠪᠠ᠃
      《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ 》 ᠪᠣᠯ ᠰᠢᠨ᠎ᠡ ᠴᠠᠭ ᠦᠶ᠎ᠡ᠎ᠶᠢᠨ ᠤᠰᠤ ᠵᠠᠰᠠᠬᠤ ᠴᠢᠭᠯᠡᠯᠲᠡ᠎ᠶᠢᠨ ᠴᠢᠬᠤᠯᠠ ᠠᠭᠤᠯᠭ᠎ᠠ ᠪᠣᠯᠣᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠤᠯᠠᠭᠠᠨ ᠱᠤᠭᠤᠮ᠎ᠢ ᠲᠣᠭᠲᠠᠭᠠᠵᠤ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠰᠤ ᠠᠷᠪᠢᠯᠠᠬᠤ ᠠᠵᠢᠯᠯᠠᠭ᠎ᠠ᠎ᠶᠢ ᠪᠦᠬᠦ ᠲᠠᠯ᠎ᠠ᠎ᠪᠠᠷ᠂ ᠪᠦᠬᠦ ᠬᠦᠷᠢᠶᠡᠨ᠎ᠳᠦ᠂ ᠪᠦᠬᠦ ᠶᠠᠪᠤᠴᠠ᠎ᠪᠠᠷ ᠠᠬᠢᠭᠤᠯᠵᠠᠢ᠃ ᠬᠠᠲᠠᠭᠤ ᠬᠢᠵᠠᠭᠠᠷᠯᠠᠯ᠎ᠢ ᠲᠠᠰᠤᠷᠠᠯᠲᠠ ᠦᠭᠡᠢ ᠴᠢᠩᠭᠠᠳᠬᠠᠵᠤ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠠᠰᠢᠭ᠍ᠯᠠᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
      5 ᠵᠢᠯ᠎ᠦᠨ ᠲᠤᠷᠰᠢ᠂ ᠪᠦᠬᠦ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠤᠯᠤᠰ᠎ᠠᠴᠠ ᠪᠠᠭᠤᠯᠭᠠᠭᠰᠠᠨ 196.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠴᠢᠩᠭ᠎ᠠ ᠬᠢᠵᠠᠭᠠᠷᠯᠠᠵᠤ᠂ ᠪᠥᠬᠥ ᠣᠷᠣᠨ᠎ᠤ ᠲᠦᠮᠡᠨ ᠲᠥᠭᠥᠷᠢᠭ᠎ᠦᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠥᠬᠥ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ᠎ᠶᠢ ᠲᠣᠰ ᠲᠣᠰ 2020 ᠣᠨ᠎ᠤ ᠬᠢ᠎ᠡᠴᠡ 14%᠂ 15%᠎ᠪᠠᠷ ᠪᠠᠭᠤᠷᠠᠭᠤᠯᠵᠤ᠂ 7332 ᠲᠦᠮᠡᠨ ᠮᠦ᠍ ᠲᠠᠷᠢᠶᠠᠨ ᠭᠠᠵᠠᠷ᠎ᠤᠨ ᠪᠦᠲᠦᠮᠵᠢᠲᠡᠶ ᠤᠰᠤᠯᠠᠯᠲᠠ᠎ᠶᠢᠨ ᠲᠠᠯᠠᠪᠠᠶ᠎ᠳᠤ ᠪᠦᠬᠦᠨ᠎ᠢ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠪᠦᠲᠦᠮᠵᠢᠲᠡᠶ ᠠᠰᠢᠭ᠍ᠯᠠᠯᠲᠠ᠎ᠶᠢᠨ ᠢᠯᠡᠳᠬᠡᠮᠵᠢ᠎ᠶᠢ 0.592 ᠪᠣᠯᠭᠠᠨ ᠳᠡᠭᠡᠭᠰᠢᠯᠡᠭᠦᠯᠵᠦ᠂ ᠰᠢᠨ᠎ᠡ᠎ᠪᠡᠷ ᠨᠡᠮᠡᠭᠳᠡᠭᠰᠡᠨ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ᠎ᠶᠢ 12 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠭᠤᠯᠵᠠᠢ; ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠪ ᠳᠠᠭᠤᠷᠢᠶᠠᠯᠳᠤ ᠠᠵᠤ ᠠᠬᠤᠢᠯᠠᠯ᠎ᠢ ᠨᠡᠶ᠋ᠢᠲᠡ 28᠂ ᠤᠰᠤ ᠠᠷᠪᠢᠯᠠᠬᠤ ᠬᠡᠯᠪᠡᠷᠢ᠎ᠶᠢᠨ ᠠᠵᠤ ᠠᠬᠤᠢᠯᠠᠯ᠎ᠢ 174᠂ ᠤᠰᠤ ᠠᠷᠪᠢᠯᠠᠬᠤ ᠬᠡᠯᠪᠡᠷᠢ᠎ᠶᠢᠨ ᠬᠦᠷᠢᠶᠡᠯᠡᠩ ᠲᠣᠭᠣᠷᠢᠭ᠋᠎ᠢ 22 ᠪᠠᠢᠭᠤᠯᠵᠤ᠂ 3 ᠠᠵᠤ ᠠᠬᠤᠢᠯᠠᠯ ᠨᠢ ᠤᠯᠤᠰ᠎ᠤᠨ 《 ᠤᠰᠤᠨ᠎ᠤ ᠠᠰᠢᠭ᠍ᠯᠠᠮᠵᠢ᠎ᠶᠢᠨ ᠳᠠᠭᠠᠭᠤᠯᠤᠭ᠍ᠴᠢ 》᠎ᠶᠢᠨ ᠴᠣᠯᠠ᠎ᠶᠢ ᠭᠥᠷᠳᠡᠪᠡ ; 89 ᠬᠣᠰᠢᠭᠤ ᠰᠢᠶᠠᠨ ( ᠬᠣᠲᠠ᠂ ᠲᠣᠭᠣᠷᠢᠭ᠋ ) ᠨᠢ ᠤᠰᠤ ᠠᠷᠪᠢᠯᠠᠬᠤ ᠬᠡᠯᠪᠡᠷᠢ᠎ᠶᠢᠨ ᠨᠡᠢᠭᠡᠮ᠎ᠦᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠳᠤ ᠬᠦᠷᠴᠦ᠂ 10 ᠣᠯᠠᠨ ᠨᠡᠶ᠋ᠢᠲᠡ᠎ᠶᠢᠨ ᠪᠠᠢᠭᠤᠯᠤᠮᠵᠢ ᠨᠢ ᠤᠯᠤᠰ᠎ᠤᠨ 2024︱2026 ᠣᠨ᠎ᠤ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠤᠰᠤᠨ᠎ᠤ ᠠᠰᠢᠭ᠍ᠯᠠᠮᠵᠢ᠎ᠶᠢᠨ ᠳᠠᠭᠠᠭᠤᠯᠤᠭ᠍ᠴᠢ᠎ᠪᠠᠷ ᠰᠣᠩᠭᠣᠭᠳᠠᠪᠠ ; ᠬᠠᠳᠤᠨ ᠭᠣᠣᠯ᠎ᠤᠨ ᠤᠰᠤᠨ᠎ᠤ ᠡᠷᠬᠡ᠎ᠶᠢᠨ ᠭᠦᠢᠴᠡᠳᠬᠡᠬᠦ ᠲᠣᠭ᠎ᠠ᠎ᠶᠢ ᠨᠡᠢ᠍ᠢᠳᠡ 2 .07 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠰᠢᠯᠵᠢᠭᠦᠯᠦᠨ ᠥᠭᠴᠦ᠂ ᠠᠷᠠᠯᠵᠢᠶᠠᠯᠠᠭᠰᠠᠨ ᠤᠰᠤᠨ᠎ᠤ ᠬᠡᠮᠵᠢᠶ᠎ᠡ ᠨᠢ 40 ᠭᠠᠷᠤᠢ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠡᠢ᠃
      ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠤ ᠦᠷᠭᠦᠯᠵᠢᠯᠡᠨ ᠰᠡᠷᠭᠦᠬᠦ᠎ᠶᠢ ᠳᠠᠭᠠᠯᠳᠤᠨ᠂ ᠰᠤᠪᠠᠨᠠᠭᠤᠷ 21 ᠵᠢᠯ ᠳᠠᠷᠠᠭᠠᠯᠠᠨ ᠰᠢᠷᠭᠢᠭᠰᠡᠨ ᠦᠭᠡᠢ᠂ ᠡᠷᠬᠢᠨ ᠲᠣᠭᠣᠷᠢᠨ᠎ᠤ ᠦᠵᠡᠮᠵᠢ ᠵᠢᠷᠤᠭ ᠮᠡᠲᠦ ᠭᠤᠶᠤ ᠰᠠᠢᠬᠠᠨ ᠪᠠᠢᠯ᠎ᠠ᠃
      ᠡᠭᠦᠨ᠎ᠡᠴᠡ ᠭᠠᠳᠠᠨ᠎ᠠ᠂ ᠥᠪᠥᠷ ᠮᠣᠩᠭᠣᠯ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠨᠤᠲᠤᠭ ᠪᠡᠯᠴᠢᠭᠡᠷ ᠡᠯᠡᠰᠦ ᠰᠢᠷᠣᠢ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠪᠡᠷ ᠵᠢᠯᠣᠭᠣᠳᠤᠮᠵᠢ ᠪᠣᠯᠭᠠᠵᠤ᠂ ᠭᠣᠣᠯ ᠮᠥᠷᠡᠨ ᠨᠠᠭᠤᠷ ᠴᠦᠬᠦᠷᠦᠮ᠎ᠤᠨ ᠠᠮᠢ ᠠᠬᠤᠢ᠎ᠶᠢᠨ ᠰᠡᠷᠭᠦᠯᠲᠡ ᠪᠠ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢᠨ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠣᠭᠰᠠᠨ ᠪᠠᠢᠨ᠎ᠠ᠃ 5 ᠵᠢᠯ᠎ᠦᠨ ᠲᠤᠷᠰᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠰᠤᠨ᠎ᠤ ᠬᠡᠮᠵᠢᠶ᠎ᠡ᠎ᠶᠢᠨ ᠲᠣᠬᠢᠷᠠᠭᠤᠯᠤᠯᠲᠠ ᠰᠢᠪᠲᠤᠯᠤᠯᠲᠠ᠎ᠲᠠᠢ ᠪᠣᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ ᠬᠠᠮᠠᠭᠠᠯᠠᠯᠲᠠ ᠭᠦᠨᠵᠡᠭᠡᠢᠷᠡᠨ ᠠᠬᠢᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠡᠷᠭᠦᠪᠡ; ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠠᠵᠢᠯ᠎ᠢ ᠲᠣᠭᠲᠠᠭᠤᠨ᠎ᠢᠶᠠᠷ ᠠᠬᠢᠭᠤᠯᠵᠤ᠂ ᠪᠥᠬᠥ ᠣᠷᠣᠨ᠎ᠤ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 32.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ ᠬᠠᠰᠤᠭᠳᠠᠭᠰᠠᠨ ᠬᠡᠮᠵᠢᠶ᠎ᠡ ᠨᠢ 3.55% ᠬᠦᠷᠴᠦ᠂ ᠬᠥᠷᠥᠰᠥ ᠰᠢᠷᠣᠢ᠎ᠶᠢᠨ ᠢᠳᠡᠭᠳᠡᠯ᠎ᠦᠨ ᠪᠠᠢᠳᠠᠯ᠎ᠳᠤ ᠲᠠᠯᠠᠪᠠᠶ ᠪᠠ ᠬᠦᠴᠦᠯᠡᠴᠡ ᠨᠢ 《 ᠬᠣᠶᠠᠷ ᠲᠠᠯ᠎ᠠ᠎ᠪᠠᠷ᠎ᠢᠶᠠᠨ ᠪᠠᠭᠤᠷᠠᠬᠤ 》 ᠬᠠᠨᠳᠤᠰᠢ ᠢᠯᠡᠷᠡᠵᠦ᠂ ᠬᠥᠷᠥᠰᠥ ᠰᠢᠷᠣᠢ᠎ᠶᠢᠨ ᠬᠠᠮᠠᠭᠠᠯᠠᠯᠲᠠ᠎ᠶᠢᠨ ᠨᠣᠷᠮ᠎ᠠ ᠨᠢ 53.11%᠎ᠳᠤ ᠬᠥᠷᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            