ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 2025 ᠣᠨ᠎ᠤ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠴᠢᠳᠠᠪᠤᠷᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠪᠠ
ᠨᠡᠶ᠋ᠢᠲᠡᠯᠡᠭᠰᠡᠨ ᠴᠠᠭ᠄ 2026-01-28

      1 ᠳ᠋ᠦ᠍ᠭᠡᠷ ᠰᠠᠷ᠎ᠠ᠎ᠶᠢᠨ 20᠎ᠤ ᠡᠳᠦᠷ ᠬᠥᠬᠡᠬᠣᠲᠠ᠎ᠳᠤ ᠬᠤᠷᠠᠯᠳᠤᠭᠤᠯᠤᠭᠰᠠᠨ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠠᠵᠢᠯ᠎ᠤᠨ ᠬᠤᠷᠠᠯ ᠳᠡᠭᠡᠷ᠎ᠡ᠎ᠡᠴᠡ ᠣᠢᠯᠠᠭᠠᠭᠰᠠᠨ ᠨᠢ᠄ 2025 ᠣᠨ᠎ᠳᠤ᠂ ᠥᠪᠥᠷ ᠮᠣᠩᠭᠣᠯ ᠤᠰᠤ ᠠᠷᠪᠢᠯᠠᠬᠤ ᠠᠵᠢᠯᠯᠠᠭ᠎ᠠ᠎ᠪᠠᠷ ᠬᠥᠭᠵᠢᠯᠲᠡ᠎ᠶᠢᠨ ᠣᠷᠣᠨ ᠵᠠᠢ᠎ᠪᠠᠨ ᠥᠷᠭᠡᠳᠬᠡᠵᠦ᠂ 《 ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠲᠣᠭᠲᠠᠭᠠᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠡᠯ᠎ᠡ ᠠᠵᠢᠯ ᠲᠥᠷᠥᠯ᠎ᠦᠨ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠴᠢᠳᠠᠪᠤᠷᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠵᠠᠢ᠃
      ᠣᠢᠯᠠᠭᠠᠭᠰᠠᠨ᠎ᠢᠶᠠᠷ᠂ 2025 ᠣᠨ᠎ᠳᠤ᠂ ᠥᠪᠥᠷ ᠮᠣᠩᠭᠣᠯ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ 196.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠴᠢᠩᠭ᠎ᠠ ᠬᠢᠵᠠᠭᠠᠷᠯᠠᠪᠠ᠃ ᠨᠢᠭᠡ ᠲᠠᠯ᠎ᠠ᠎ᠪᠠᠷ ᠠᠵᠤ ᠠᠬᠤᠢ᠎ᠶᠢ ᠬᠥᠭᠵᠢᠭᠦᠯᠵᠦ᠂ ᠨᠥᠭᠥᠭᠡ ᠲᠠᠯ᠎ᠠ᠎ᠪᠠᠷ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠦᠷᠭᠦᠯᠵᠢᠯᠡᠨ ᠲᠣᠭᠲᠠᠭᠤᠨ ᠪᠠᠢᠯᠭᠠᠪᠠ᠃ ᠡᠨᠡ ᠬᠦ᠌ ᠬᠠᠷᠢᠴᠠᠭᠤᠯᠤᠯ᠎ᠤᠨ ᠠᠷᠤ᠎ᠳᠤ ᠥᠪᠥᠷ ᠮᠣᠩᠭᠣᠯ᠎ᠤᠨ ᠤᠰᠤ ᠠᠷᠪᠢᠯᠠᠬᠤ ᠦᠢᠯᠡᠰ ᠲᠠᠰᠤᠷᠠᠯᠲᠠ ᠦᠭᠡᠢ ᠭᠦᠨᠵᠡᠭᠡᠢᠷᠡᠨ ᠬᠥᠭᠵᠢᠵᠦ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ᠋ ᠲᠠᠰᠤᠷᠠᠯᠲᠠ ᠦᠭᠡᠢ ᠳᠡᠭᠡᠭᠰᠢᠯᠡᠭᠰᠡᠨ᠎ᠢ ᠬᠠᠷᠠᠭᠤᠯᠵᠤ ᠪᠠᠢᠨ᠎ᠠ᠃
      ᠲᠠᠨᠢᠯᠴᠠᠭᠤᠯᠤᠭᠰᠠᠨ᠎ᠢᠶᠠᠷ᠂ 2025 ᠣᠨ᠎ᠳᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠲᠠᠯᠠᠪᠠᠶ᠎ᠶᠢ 370 ᠲᠦᠮᠡᠨ ᠮᠦ᠍ ᠰᠢᠨ᠎ᠡ᠎ᠪᠡᠷ ᠨᠡᠮᠡᠭᠳᠡᠭᠦᠯᠵᠦ᠂ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ᠎ᠶᠢ ᠠᠬᠢᠭᠤᠯᠬᠤ 20 ᠬᠣᠰᠢᠭᠤ ᠰᠢᠶᠠᠨ᠎ᠢ ᠡᠭᠦᠳᠦᠨ ᠪᠠᠢᠭᠤᠯᠵᠤ᠂ ᠭᠣᠣᠯ ᠵᠢᠱ᠌ᠢᠶ᠎ᠡ ᠦᠵᠡᠭᠦᠯᠬᠦ ᠲᠠᠯᠠᠪᠠᠶ᠎ᠶᠢ 73.7 ᠲᠦᠮᠡᠨ ᠮᠦ᠍ ᠰᠢᠨ᠎ᠡ᠎ᠪᠡᠷ ᠨᠡᠮᠡᠭᠳᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠠᠯᠠᠪᠠᠶ᠎ᠶᠢ 2363 ᠲᠦᠮᠡᠨ ᠮᠦ᠍ ᠰᠢᠨ᠎ᠡ᠎ᠪᠡᠷ ᠨᠡᠮᠡᠭᠳᠡᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ᠎ᠶᠢ 2.87 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠵᠡᠢ᠃ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠭᠦᠨᠵᠡᠭᠡᠢ ᠬᠡᠷᠡᠭᠵᠢᠭᠦᠯᠵᠦ᠂ 42 ᠦᠢᠯᠡᠳᠬᠦ ᠦᠢᠯᠡᠰ᠎ᠦᠨ ᠬᠦᠷᠢᠶ᠎ᠡ ᠪᠠ ᠢᠯᠴᠢ᠎ᠶᠢᠨ ᠴᠠᠬᠢᠯᠭᠠᠨ᠎ᠤ ᠠᠵᠢᠯ ᠲᠦᠷᠦᠯ᠎ᠦᠨ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ᠎ᠶᠢ ᠬᠡᠷᠡᠭᠵᠢᠭᠦᠯᠬᠦ᠎ᠶᠢ ᠲᠦᠯᠬᠢᠨ ᠠᠬᠢᠭᠤᠯᠵᠤ᠂ 173 ᠵᠦᠢᠯ᠎ᠤᠨ ᠤᠰᠤ ᠠᠷᠪᠢᠯᠠᠬᠤ ᠲᠡᠷᠢᠭᠦᠨ᠎ᠦ ᠤᠷ᠎ᠠ ᠮᠡᠷᠭᠡᠰᠢᠯ᠂ ᠮᠡᠷᠭᠡᠵᠢᠯ᠂ ᠲᠣᠨᠣᠭᠯᠠᠯ᠎ᠢ ᠳᠡᠯᠭᠡᠷᠡᠭᠦᠯᠵᠦ᠂ ᠤᠰᠤ ᠠᠷᠪᠢᠯᠠᠬᠤ ᠬᠡᠪ ᠳᠠᠭᠤᠷᠢᠶᠠᠯᠳᠤ ᠠᠵᠤ ᠠᠬᠤᠢᠯᠠᠯ 8᠂ ᠤᠰᠤ ᠠᠷᠪᠢᠯᠠᠬᠤ ᠬᠡᠯᠪᠡᠷᠢ᠎ᠶᠢᠨ ᠠᠵᠤ ᠠᠬᠤᠢᠯᠠᠯ 91᠂ ᠤᠰᠤ ᠠᠷᠪᠢᠯᠠᠬᠤ ᠬᠡᠯᠪᠡᠷᠢ᠎ᠶᠢᠨ ᠬᠦᠷᠢᠶᠡᠯᠡᠩ ᠲᠣᠭᠣᠷᠢᠭ᠋ 12᠎ᠢ ᠪᠠᠢᠭᠤᠯᠪᠠ᠃ ᠬᠣᠲᠠ ᠪᠠᠯᠭᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠠᠵᠢᠯ᠎ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠬᠣᠲᠠ ᠪᠠᠯᠭᠠᠰᠤᠨ᠎ᠤ ᠤᠰᠤ ᠬᠠᠩᠭᠠᠬᠤ ᠬᠣᠭᠣᠯᠠᠢ᠎ᠶᠢᠨ ᠲᠣᠣᠷ᠎ᠢ ᠰᠢᠨᠡᠳᠬᠡᠨ ᠥᠭᠡᠷᠡᠴᠢᠯᠡᠬᠦ᠂ ᠳᠠᠬᠢᠯᠲᠠ ᠤᠰᠤ᠎ᠶᠢ ᠠᠰᠢᠭ᠍ᠯᠠᠬᠤ ᠵᠢᠴᠢ ᠤᠰᠤ ᠬᠠᠩᠭᠠᠬᠤ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠨᠡᠢ᠍ᠢᠳᠡ 1847 ᠺᠢᠯᠣᠮᠧᠲᠷ ᠤᠰᠤ ᠬᠠᠩᠭᠠᠬᠤ ᠬᠣᠭᠣᠯᠠᠢ᠎ᠶᠢᠨ ᠲᠣᠣᠷ᠎ᠢ ᠰᠢᠨᠡᠳᠬᠡᠨ ᠥᠭᠡᠷᠡᠴᠢᠯᠡᠵᠦ᠂ ᠳᠠᠬᠢᠯᠲᠠ ᠤᠰᠤᠨ ᠬᠣᠭᠣᠯᠠᠢ᠎ᠶᠢᠨ ᠲᠣᠣᠷ᠎ᠢ 387 ᠺᠢᠯᠣᠮᠧᠲᠷ ᠰᠢᠨᠡᠳᠬᠡᠪᠡ᠃ ᠪᠥᠬᠥ ᠵᠢᠯ᠎ᠳᠦ ᠤᠰᠤᠨ᠎ᠤ ᠡᠷᠬᠡ᠎ᠶᠢᠨ ᠠᠷᠠᠯᠵᠢᠶ᠎ᠠ᠎ᠶᠢ ᠨᠡᠶ᠋ᠢᠲᠡ 219 ᠤᠳᠠᠭ᠎ᠠ ᠥᠷᠨᠢᠭᠦᠯᠵᠦ᠂ ᠠᠷᠠᠯᠵᠢᠶᠠᠯᠠᠭᠰᠠᠨ ᠶᠡᠷᠦᠩᠬᠡᠢ ᠤᠰᠤᠨ᠎ᠤ ᠬᠡᠮᠵᠢᠶ᠎ᠡ ᠨᠢ 9.34 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ ᠨᠢ 10.28 ᠳ᠋ᠦᠩᠰᠢᠭᠤᠷ ᠲᠥᠭᠥᠷᠢᠭ᠎ᠲᠦ ᠬᠦᠷᠴᠦ᠂ 3 ᠵᠦᠢᠯ᠎ᠦᠨ ᠭᠦᠢᠴᠡᠳᠬᠡᠯ ᠲᠣᠭ᠎ᠠ ᠨᠢ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
      ᠡᠭᠦᠨ᠎ᠦ ᠬᠠᠮᠲᠤ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠢ ᠲᠦᠷᠭᠡᠳᠬᠡᠨ ᠪᠠᠢᠭᠤᠯᠪᠠ᠃ ᠲᠠᠨᠢᠯᠴᠠᠭᠤᠯᠤᠭᠰᠠᠨ᠎ᠢᠶᠠᠷ᠂ 2025 ᠣᠨ᠎ᠳᠤ᠂ ᠥᠪᠥᠷ ᠮᠣᠩᠭᠣᠯ 153.25 ᠳ᠋ᠦᠩᠰᠢᠭᠤᠷ ᠲᠥᠭᠥᠷᠢᠭ᠎ᠦᠨ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ᠎ᠶᠢ ᠨᠠᠢᠳᠠᠪᠤᠷᠢᠵᠢᠭᠤᠯᠵᠤ᠂ ᠪᠠᠢᠭᠤᠯᠵᠤ ᠪᠠᠢᠭ᠎ᠠ ᠤᠰᠤᠨ ᠠᠰᠢᠭ᠍ᠯᠠᠯᠲᠠ᠎ᠶᠢᠨ ᠲᠥᠷᠥᠯ ᠵᠦᠢᠯ 1243 ᠪᠠᠢᠵᠤ᠂ ᠪᠠᠢᠭᠤᠯᠵᠤ ᠪᠠᠢᠭ᠎ᠠ ᠬᠡᠪᠴᠢᠶ᠎ᠡ ᠨᠢ 737.64 ᠳ᠋ᠦᠩᠰᠢᠭᠤᠷ ᠲᠥᠭᠥᠷᠢᠭ ᠲᠤᠯᠤᠭᠰᠠᠨ ᠪᠠᠢᠨ᠎ᠠ᠃ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠡᠬᠢᠯᠡᠨ ᠪᠦᠲᠦᠭᠡᠨ ᠪᠠᠢᠭᠤᠯᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠂ ᠥᠪᠥᠷ ᠤᠰᠤᠨ ᠴᠥᠭᠥᠷᠥᠮ᠂ ᠥᠨᠳᠡᠭᠡᠨ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠳᠣᠣᠷᠠᠳᠤ ᠤᠷᠤᠰᠬᠠᠯ᠎ᠤᠨ ᠥᠪᠥᠷ ᠮᠣᠩᠭᠣᠯ᠎ᠤᠨ ᠤᠰᠤᠯᠠᠯᠲᠠ᠎ᠶᠢᠨ ᠣᠷᠣᠨ᠎ᠤ ᠢᠨᠵᠧᠨᠧᠷᠢᠩ᠎ᠦᠨ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶᠢ ᠴᠣᠬᠣᠯᠠᠪᠤᠷᠢᠯᠠᠨ ᠬᠠᠷᠢᠭᠤᠯᠪᠠ᠃ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠪᠠ ᠬᠠᠳᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠡᠷᠬᠡ᠎ᠶᠢ ᠰᠢᠯᠵᠢᠭᠦᠯᠦᠨ ᠥᠭᠬᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠪᠠ᠃ ᠲᠤᠷᠰᠢᠯᠲᠠ ᠬᠢᠬᠦ 4 ᠤᠰᠤᠨ ᠴᠥᠭᠥᠷᠥᠮ᠎ᠦᠨ 865 ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠨᠦᠯᠦᠮᠡᠯ᠎ᠢ ᠴᠡᠪᠡᠷᠯᠡᠬᠦ᠎ᠶᠢ ᠪᠡᠶᠡᠯᠡᠭᠦᠯᠵᠦ ᠂ ᠶᠡᠷᠦᠩᠬᠡᠢ ᠬᠡᠮᠵᠢᠶᠡᠨ᠎ᠦ 80%᠎ᠶᠢ ᠡᠵᠡᠯᠡᠪᠡ᠃
      ᠰᠠᠢᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠰᠠᠭᠤᠷᠢ ᠮᠥᠨ᠃ 2025 ᠣᠨ᠎ᠳᠤ᠂ ᠥᠪᠥᠷ ᠮᠣᠩᠭᠣᠯ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠠᠰᠠᠯᠲᠠ᠎ᠶᠢᠨ ᠠᠵᠢᠯ᠎ᠢ ᠶᠡᠬᠡ᠎ᠪᠡᠷ ᠠᠬᠢᠭᠤᠯᠵᠤ᠂ ᠪᠦᠬᠦ ᠣᠷᠣᠨ᠎ᠤ ᠲᠠᠪᠤᠳᠤᠭᠠᠷ ᠳᠡᠰ᠎ᠤᠨ ᠭᠣᠣᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ ᠨᠡᠢ᠍ᠢᠳᠡ 22.1 ᠲᠦᠮᠡᠨ ᠬᠥᠮᠥᠨ ᠤᠳᠠᠭ᠎ᠠ᠎ᠳᠤ ᠬᠦᠷᠴᠦ᠂ ᠪᠦᠬᠦ ᠵᠢᠯ᠎ᠳᠦ ᠤᠯᠠᠭᠠᠨᠰᠤᠬᠠᠢ ᠨᠠᠭᠤᠷ᠎ᠤᠨ ᠠᠮᠢ ᠠᠬᠤᠢ᠎ᠳᠤ 3.49 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ᠂ ᠲᠠᠭ᠎ᠠ᠎ᠶᠢᠨ ᠨᠠᠭᠤᠷ᠎ᠲᠤ 1230 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠡᠢ᠃ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠢᠯᠡᠨ ᠵᠠᠰᠠᠬᠤ ᠠᠵᠢᠯ ᠦᠷᠭᠦᠯᠵᠢᠯᠡᠨ ᠬᠦᠴᠦᠯᠡᠵᠦ᠂ ᠭᠠᠵᠠᠷ ᠳᠣᠣᠷᠠᠬᠢ ᠤᠰᠤ᠎ᠶᠢ ᠳᠠᠷᠤᠵᠤ ᠮᠠᠯᠲᠠᠭᠰᠠᠨ ᠬᠡᠮᠵᠢᠶ᠎ᠡ 2 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠡᠭᠡᠭᠰᠢ ᠪᠠᠢᠵᠤ᠂ 31 ᠬᠡᠲᠦᠷᠡᠲᠡᠯ᠎ᠡ ᠲᠠᠲᠠᠭᠰᠠᠨ ᠣᠷᠣᠨ᠎ᠤ ᠳᠣᠲᠣᠷᠠᠬᠢ 30 ᠣᠷᠣᠨ᠎ᠤ ᠤᠰᠤᠨ᠎ᠤ ᠲᠦᠪᠰᠢᠨ ᠳᠡᠭᠡᠭᠰᠢᠯᠡᠭᠰᠡᠨ ᠪᠤᠶᠤ ᠲᠣᠭᠲᠠᠭᠤᠨ ᠪᠠᠢᠬᠤ᠎ᠶᠢ ᠪᠠᠲᠤᠯᠠᠪᠠ᠃ 825 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠎ᠶᠢ ᠪᠡᠶᠡᠯᠡᠭᠦᠯᠵᠦ᠂ 525 ᠢᠳᠡᠭᠳᠡᠯ᠎ᠦᠨ ᠭᠤᠤ᠎ᠶᠢ ᠵᠠᠰᠠᠵᠤ᠂ 104 ᠨᠦᠯᠦᠮᠡᠯ ᠭᠠᠵᠠᠷ᠎ᠤᠨ ᠬᠠᠰᠢᠯᠭ᠎ᠠ᠎ᠶᠢ ᠰᠢᠨ᠎ᠡ᠎ᠪᠡᠷ ᠥᠭᠡᠷᠡᠴᠢᠯᠡᠨ ᠪᠠᠢᠭᠤᠯᠵᠤ᠂ 1218 ᠲᠦᠮᠡᠨ ᠮᠦ᠍ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ᠎ᠶᠢ ᠪᠡᠶᠡᠯᠡᠭᠦᠯᠪᠡ᠃
      ᠥᠪᠥᠷ ᠮᠣᠩᠭᠣᠯ ᠪᠠᠰᠠ ᠠᠷᠠᠳ᠎ᠤᠨ ᠠᠮᠢᠳᠤᠷᠠᠯ᠎ᠤᠨ ᠤᠰᠤᠨ ᠠᠰᠢᠭ᠍ᠯᠠᠯᠲᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠪᠡ᠃ ᠲᠠᠨᠢᠯᠴᠠᠭᠤᠯᠤᠭᠰᠠᠨ᠎ᠢᠶᠠᠷ᠂ 2025 ᠣᠨ᠎ᠳᠤ᠂ ᠥᠪᠥᠷ ᠮᠣᠩᠭᠣᠯ 5.1 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠲᠥᠪᠯᠡᠷᠡᠭᠦᠯᠦᠨ ᠤᠰᠤ ᠬᠠᠩᠭᠠᠬᠤ 270 ᠢᠨᠵᠧᠨᠧᠷᠢᠩ᠂ ᠲᠠᠷᠠᠬᠠᠢ ᠮᠠᠶᠢᠭ᠋᠎ᠤᠨ ᠤᠰᠤ ᠬᠠᠩᠭᠠᠬᠤ 341 ᠢᠨᠵᠧᠨᠧᠷᠢᠩ᠎ᠢ ᠰᠢᠨ᠎ᠡ᠎ᠪᠡᠷ ᠪᠠᠢᠭᠤᠯᠤᠭᠰᠠᠨ ᠪᠤᠶᠤ ᠥᠭᠡᠷᠡᠴᠢᠯᠡᠨ ᠪᠠᠢᠭᠤᠯᠵᠤ᠂ 860 ᠭᠠᠴᠠᠭ᠎ᠠ ᠲᠣᠰᠬᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠴᠢᠳᠠᠪᠤᠷᠢ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠵᠦ᠂ 53.9 ᠲᠦᠮᠡᠨ ᠬᠥᠮᠥᠨ ᠠᠰᠢᠭ᠋ ᠭᠥᠷᠳᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠵᠢᠭ᠍ᠰᠠᠭᠠᠨ ᠣᠷᠣᠭᠤᠯᠤᠭᠰᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠪᠦᠬᠦᠨ᠎ᠢ ᠪᠠᠢᠭᠤᠯᠵᠤ ᠳᠠᠭᠤᠰᠬᠠᠭᠰᠠᠨ ᠪᠥᠭᠡᠳ ᠦᠷ᠎ᠡ ᠪᠦᠲᠦᠮᠵᠢ᠎ᠳᠤ ᠬᠥᠷᠪᠡ᠃ 《 ᠶᠡᠬᠡ ᠤᠰᠤᠨ᠎ᠤ ᠨᠡᠯᠦᠩᠬᠡᠢ ᠤᠰᠤᠯᠠᠯᠲᠠ 》᠎ᠶᠢᠨ ᠠᠰᠠᠭᠤᠳᠠᠯ᠎ᠢ ᠰᠢᠢᠳᠪᠦᠷᠢᠯᠡᠬᠦ᠎ᠶᠢ ᠲᠦᠯᠬᠢᠨ ᠠᠬᠢᠭᠤᠯᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ 2024 ᠣᠨ᠎ᠤ ᠨᠠᠮᠤᠷ᠎ᠤᠨ ᠤᠰᠤᠯᠠᠯᠲᠠ ᠪᠠ 2025 ᠣᠨ᠎ᠤ ᠬᠠᠪᠤᠷ᠎ᠤᠨ ᠬᠤᠷᠢᠶᠠᠯᠲᠠ᠎ᠶᠢᠨ ᠶᠡᠷᠦᠩᠬᠡᠢᠯᠡᠭᠰᠡᠨ ᠤᠰᠤᠨ᠎ᠤ ᠬᠣᠷᠣᠭᠳᠠᠯ᠎ᠤᠨ ᠬᠡᠮᠵᠢᠶ᠎ᠡ᠎ᠶᠢ ᠳᠡᠭᠡᠷ᠎ᠡ ᠨᠢᠭᠡ ᠤᠰᠤᠨ ᠵᠦᠢ᠎ᠶᠢᠨ ᠣᠨ᠎ᠳᠤ ᠨᠢᠭᠡᠨᠲᠡ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠪᠠᠭᠠᠰᠬᠠᠭᠰᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ 2000 ᠲᠦᠮᠡᠨ ᠪᠣᠰᠣᠭ᠎ᠠ ᠳᠥᠷᠪᠡᠯᠵᠢᠨ ᠮᠧᠲᠷ᠎ᠢ ᠪᠠᠭᠠᠰᠬᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            