ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠣᠯᠠᠨ ᠵᠦᠢᠯ᠎ᠦᠨ ᠲᠣᠭ᠎ᠠ ᠪᠦᠷᠢᠳᠬᠡᠯ᠎ᠦᠨ ᠠᠵᠢᠯ ᠬᠥᠬᠢᠭᠦᠯᠦᠭᠳᠡᠨ ᠰᠠᠢᠰᠢᠶᠠᠭᠳᠠᠪᠠ
ᠨᠡᠶ᠋ᠢᠲᠡᠯᠡᠭᠰᠡᠨ ᠴᠠᠭ᠄ 2026-01-28

       ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ ᠪᠢᠴᠢᠭ ᠮᠠᠲᠧᠷᠢᠶᠠᠯ ᠳᠠᠷᠤᠮᠠᠯᠯᠠᠨ ᠲᠠᠷᠬᠠᠭᠠᠵᠤ᠂ ᠣᠢᠷ᠎ᠠ᠎ᠶᠢᠨ ᠵᠢᠯ᠎ᠦᠳ᠎ᠲᠦ ᠲᠣᠭ᠎ᠠ ᠪᠦᠷᠢᠳᠬᠡᠯ᠎ᠦᠨ ᠠᠵᠢᠯ᠎ᠳᠤ ᠲᠣᠪᠣᠢᠮ᠎ᠠ ᠠᠮᠵᠢᠯᠲᠠ ᠣᠯᠣᠭᠰᠠᠨ ᠰᠠᠯᠠᠭ᠎ᠠ ᠮᠥᠴᠢᠷ᠂ ᠨᠢᠭᠡᠴᠢ᠎ᠶᠢ ᠨᠡᠢᠲᠡᠯᠡᠨ ᠰᠠᠢᠰᠢᠶᠠᠵᠤ᠂ ᠤᠰᠤᠨ ᠠᠰᠢᠭ᠍ᠯᠠᠯᠲᠠ᠎ᠶᠢᠨ ᠲᠢᠩᠬᠢᠮ ᠨᠢ ᠲᠣᠭ᠎ᠠ ᠪᠦᠷᠢᠳᠬᠡᠯ᠎ᠦᠨ ᠬᠠᠮᠢᠶᠠᠷᠤᠯᠲᠠ᠂ ᠲᠣᠭ᠎ᠠ ᠪᠦᠷᠢᠳᠬᠡᠯ᠎ᠦᠨ ᠪᠣᠯᠪᠠᠰᠤᠷᠠᠯ᠂ ᠲᠣᠭ᠎ᠠ ᠪᠦᠷᠢᠳᠬᠡᠯ᠎ᠦᠨ ᠬᠠᠤᠯᠢ᠎ᠪᠠᠷ ᠵᠠᠰᠠᠬᠤ ᠪᠠᠢᠭᠤᠯᠤᠯᠲᠠ ᠵᠡᠷᠭᠡ ᠭᠤᠷᠪᠠᠨ ᠲᠠᠯ᠎ᠠ᠎ᠪᠠᠷ ᠬᠥᠬᠢᠭᠦᠯᠦᠭᠳᠡᠨ ᠰᠠᠢᠰᠢᠶᠠᠭᠳᠠᠵᠤ᠂ ᠴᠥᠮ 《ᠠᠵᠢᠯ᠎ᠤᠨ ᠲᠣᠪᠣᠢᠮ᠎ᠠ ᠨᠢᠭᠡᠴᠢ》᠎ᠪᠠᠷ ᠦᠨᠡᠯᠡᠭᠳᠡᠪᠡ᠃
       ᠣᠢᠷ᠎ᠠ᠎ᠶᠢᠨ ᠵᠢᠯ᠎ᠦᠨ ᠲᠤᠷᠰᠢ᠂ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ 《 ᠵᠢᠷᠭᠤᠭ᠎ᠠ᠎ᠶᠢ ᠵᠢᠷᠤᠮᠵᠢᠭᠤᠯᠵᠤ ᠲᠠᠪᠤ᠎ᠶᠢ ᠴᠢᠩᠭᠠᠷᠠᠭᠤᠯᠬᠤ 》 ᠪᠠᠷᠢᠮᠵᠢᠶ᠎ᠠ᠎ᠲᠠᠢ ᠴᠢᠩᠭ᠎ᠠ ᠬᠠᠷᠭᠤᠭᠤᠯᠤᠨ᠂ ᠨᠠᠷᠢᠯᠢᠭ᠋ ᠤᠰᠤᠨ ᠠᠰᠢᠭ᠍ᠯᠠᠯᠲᠠ᠎ᠶᠢᠨ ᠲᠣᠭ᠎ᠠ ᠪᠦᠷᠢᠳᠬᠡᠯ᠎ᠦᠨ ᠠᠵᠢᠯ᠎ᠤᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠬᠠᠤᠯᠢ ᠶᠣᠰᠣᠭᠠᠷ ᠲᠣᠭ᠎ᠠ ᠪᠦᠷᠢᠳᠬᠡᠬᠦ᠎ᠶᠢ ᠪᠠᠷᠢᠮᠲᠠᠯᠠᠨ᠂ ᠲᠣᠭ᠎ᠠ ᠪᠦᠷᠢᠳᠬᠡᠯ᠎ᠢ ᠬᠠᠭᠤᠷᠮᠠᠭ᠎ᠢᠶᠠᠷ ᠵᠣᠬᠢᠶᠠᠬᠤ᠎ᠶᠢ ᠲᠠᠰᠤ ᠵᠣᠭᠰᠣᠭᠠᠵᠤ᠂ ᠲᠣᠭ᠎ᠠ ᠪᠦᠷᠢᠳᠬᠡᠯ᠎ᠦᠨ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠴᠢᠩᠭᠠᠳᠬᠠᠨ᠂ ᠲᠣᠭ᠎ᠠ ᠪᠦᠷᠢᠳᠬᠡᠯ᠎ᠦᠨ ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠤᠰᠤᠨ ᠠᠰᠢᠭ᠍ᠯᠠᠯᠲᠠ᠎ᠶᠢᠨ ᠲᠣᠭ᠎ᠠ ᠪᠦᠷᠢᠳᠬᠡᠯ᠎ᠦᠨ ᠲᠣᠭ᠎ᠠ ᠪᠠᠷᠢᠮᠲᠠ᠎ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨ ᠬᠦ᠌ ᠳᠡᠭᠡᠭᠰᠢᠯᠡᠭᠦᠯᠦᠨ᠂ 《 ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠲᠣᠭ᠎ᠠ ᠪᠦᠷᠢᠳᠬᠡᠯ᠎ᠦᠨ ᠭᠦᠢᠴᠡᠳᠬᠡᠯ ᠲᠣᠭ᠎ᠠ᠎ᠶᠢᠨ ᠰᠢᠰᠲᠧᠮᠵᠢ 》 ᠵᠡᠷᠭᠡ ᠲᠠᠭᠯᠠᠨ ᠮᠡᠳᠡᠭᠦᠯᠬᠦ ᠠᠵᠢᠯ᠎ᠢ ᠴᠢᠨᠠᠷ ᠰᠠᠢᠲᠠᠢ ᠪᠡᠶᠡᠯᠡᠭᠦᠯᠪᠡ᠃ ᠡᠭᠦᠨ᠎ᠦ ᠬᠠᠮᠲᠤ᠂ ᠲᠣᠭ᠎ᠠ ᠪᠦᠷᠢᠳᠬᠡᠯ᠎ᠦᠨ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠲᠣᠭ᠎ᠠ ᠪᠦᠷᠢᠳᠬᠡᠯ᠎ᠦᠨ ᠲᠤᠯᠭᠠᠭᠤᠷᠢᠯᠠᠬᠤ ᠦᠢᠯᠡᠴᠢᠯᠡᠭᠡᠨ᠎ᠦ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠡᠢ᠃
       ᠳᠠᠷᠠᠭᠠᠴᠢ᠎ᠶᠢᠨ ᠠᠯᠬᠤᠮ᠎ᠳᠤ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠬᠢᠨ ᠪᠣᠳᠠᠲᠠᠢ᠎ᠳᠤ ᠰᠠᠭᠤᠷᠢᠯᠠᠵᠤ᠂ ᠲᠣᠭ᠎ᠠ ᠪᠦᠷᠢᠳᠬᠡᠯ᠎ᠦᠨ ᠠᠵᠢᠯ᠎ᠤᠨ ᠵᠢᠷᠤᠮᠵᠢᠭ᠍ᠰᠠᠨ ᠪᠠᠢᠭᠤᠯᠤᠯᠲᠠ᠎ᠶᠢᠨ ᠲᠦᠪᠰᠢᠨ᠎ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠶᠢᠨ ᠲᠣᠭ᠎ᠠ ᠪᠦᠷᠢᠳᠬᠡᠯ᠎ᠦᠨ ᠪᠦᠬᠦ ᠶᠠᠪᠤᠴᠠ᠎ᠶᠢᠨ ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠰᠠᠭᠤᠷᠢ ᠲᠣᠭ᠎ᠠ ᠪᠠᠷᠢᠮᠲᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠪᠦᠬᠦ ᠣᠷᠣᠨ᠎ᠤ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠣᠨᠣᠪᠴᠢᠲᠠᠢ ᠲᠣᠭ᠎ᠠ ᠪᠦᠷᠢᠳᠬᠡᠯ᠎ᠦᠨ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            