1 ᠳ᠋ᠦ᠍ᠭᠡᠷ ᠰᠠᠷ᠎ᠠ᠎ᠶᠢᠨ 22᠎ᠤᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠄ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠤᠰᠤ ᠠᠷᠪᠢᠯᠠᠬᠤ ᠠᠵᠢᠯ᠎ᠢ ᠢᠮᠠᠭᠲᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠵᠤ᠂ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ᠎ᠪᠡᠷ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠮᠵᠢ᠎ᠶᠢ ᠭᠦᠨᠵᠡᠭᠡᠢ ᠲᠤᠭᠤᠰᠢᠯᠠᠭᠤᠯᠤᠨ᠂ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠲᠤᠬᠠᠢ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠴᠢᠩᠭ᠎ᠠ ᠬᠡᠷᠡᠭᠵᠢᠭᠦᠯᠵᠦ᠂ 《 ᠤᠰᠤᠨ᠎ᠤ ᠡᠬᠢ ᠪᠠᠶᠠᠯᠢᠭ᠋᠎ᠢ ᠨᠠᠷᠢᠨ ᠨᠢᠮᠪᠠᠢ ᠪᠤᠳᠤᠵᠤ ᠰᠠᠢᠲᠤᠷ ᠬᠡᠷᠡᠭᠯᠡᠬᠦ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠨᠢᠮᠪᠠᠢ ᠰᠠᠢᠲᠤᠷ ᠬᠠᠮᠢᠶᠠᠷᠬᠤ 》᠎ᠪᠠᠷ ᠬᠠᠷᠠᠯᠲᠠ ᠪᠣᠯᠭᠠᠵᠤ᠂ ᠡᠯ᠎ᠡ ᠬᠦᠷᠢᠶᠡᠨ᠎ᠦ ᠤᠰᠤ ᠠᠷᠪᠢᠯᠠᠬᠤ᠂ ᠤᠰᠤ ᠠᠷᠪᠢᠯᠠᠬᠤ ᠳᠦᠷᠢᠮ᠎ᠦᠨ ᠲᠥᠷᠥ᠎ᠶᠢᠨ ᠪᠣᠳᠣᠯᠭ᠎ᠠ᠎ᠶᠢᠨ ᠰᠢᠰᠲᠧᠮᠵᠢ᠎ᠶᠢ ᠪᠥᠬᠥ ᠲᠠᠯ᠎ᠠ᠎ᠪᠠᠷ ᠪᠠᠶ᠋ᠢᠭᠤᠯᠬᠤ᠎ᠶᠢ ᠪᠥᠬᠥ ᠬᠦᠴᠦᠨ᠎ᠢᠶᠡᠷ ᠠᠬᠢᠭᠤᠯᠪᠠ᠃
ᠣᠢᠯᠠᠭᠠᠭᠰᠠᠨ᠎ᠢᠶᠠᠷ᠂ ᠥᠪᠥᠷ ᠮᠣᠩᠭᠣᠯ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ 》᠎ᠢ ᠨᠡᠢᠲᠡᠯᠡᠨ ᠬᠡᠷᠡᠭᠵᠢᠭᠦᠯᠵᠦ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶᠢ ᠠᠷᠪᠢᠯᠠᠵᠤ ᠬᠡᠷᠡᠭᠯᠡᠬᠦ ᠳᠦᠷᠢᠮ 》᠎ᠳᠤ ᠵᠠᠰᠠᠪᠤᠷᠢ ᠣᠷᠣᠭᠤᠯᠵᠤ᠂ ᠰᠢᠨ᠎ᠡ ᠬᠡᠪᠯᠡᠯ᠎ᠦᠨ 《 ᠠᠵᠢᠯ ᠲᠥᠷᠥᠯ᠎ᠦᠨ ᠤᠰᠤ ᠬᠡᠷᠡᠭᠯᠡᠬᠦ ᠨᠣᠷᠮ᠎ᠠ 》᠎ᠶᠢ ᠨᠡᠢᠲᠡᠯᠡᠵᠦ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠤᠨ ᠰᠢᠷᠢᠰ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠨ ᠨᠠᠢᠳᠠᠪᠤᠷᠢᠵᠢᠭᠤᠯᠵᠤ᠂ 《 ᠠᠷᠪᠠᠨ ᠵᠤᠷᠪᠤᠰ ᠬᠠᠲᠠᠭᠤ ᠠᠷᠭ᠎ᠠ ᠬᠡᠮᠵᠢᠶ᠎ᠡ 》᠎ᠶᠢ ᠨᠡᠢᠲᠡᠯᠡᠨ ᠬᠡᠷᠡᠭᠵᠢᠭᠦᠯᠵᠦ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ 《 ᠤᠰᠤ᠎ᠪᠠᠷ ᠲᠣᠭᠲᠠᠭᠠᠬᠤ 》᠎ᠶᠢ ᠲᠦᠯᠬᠢᠨ ᠠᠬᠢᠭᠤᠯᠪᠠ᠃
ᠲᠠᠷᠢᠶᠠᠯᠠᠩ᠎ᠤᠨ ᠤᠰᠤ ᠠᠷᠪᠢᠯᠠᠬᠤ ᠬᠦᠷᠢᠶᠡᠨ᠎ᠳᠦ᠂ ᠥᠪᠥᠷ ᠮᠣᠩᠭᠣᠯ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ ᠳᠦᠷᠢᠮ᠎ᠦᠨ ᠲᠥᠷᠥ᠎ᠶᠢᠨ ᠪᠣᠳᠣᠯᠭ᠎ᠠ᠎ᠶᠢ ᠲᠦᠷᠭᠡᠳᠬᠡᠨ ᠲᠡᠭᠦᠯᠳᠡᠷᠵᠢᠭᠦᠯᠵᠦ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠨᠠᠮᠤᠷ᠎ᠤᠨ ᠤᠰᠤᠯᠠᠯᠲᠠ᠂ ᠬᠠᠪᠤᠷ᠎ᠤᠨ ᠬᠤᠷᠢᠶᠠᠯᠲᠠ᠎ᠶᠢᠨ ᠦᠷᠡᠵᠢᠯ᠎ᠦᠨ ᠪᠤᠰᠤ ᠬᠤᠭᠤᠴᠠᠭᠠᠨ᠎ᠤ ᠤᠰᠤᠯᠠᠯᠲᠠ᠎ᠶᠢᠨ ᠤᠰᠤ ᠬᠡᠷᠡᠭᠯᠡᠬᠦ ᠲᠥᠰᠥᠯ᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠨᠠᠮᠤᠷ᠎ᠤᠨ ᠤᠰᠤᠯᠠᠯᠲᠠ᠎ᠶᠢᠨ ᠤᠰᠤᠨ᠎ᠤ ᠬᠣᠷᠣᠭᠳᠠᠯ᠎ᠢ 10 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠴᠢᠩᠭ᠎ᠠ ᠬᠢᠵᠠᠭᠠᠷᠯᠠᠵᠤ᠂ 《13·5》᠎ᠶᠢᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠢ᠎ᠡᠴᠡ ᠶᠡᠬᠡ ᠬᠡᠮᠵᠢᠶ᠎ᠡ᠎ᠪᠡᠷ ᠪᠠᠭᠠᠰᠬᠠᠨ᠂ ᠪᠤᠰᠤᠳ ᠬᠠᠲᠤᠨ ᠭᠣᠣᠯ᠎ᠤᠨ ᠤᠰᠤᠯᠠᠯᠲᠠ᠎ᠶᠢᠨ ᠣᠷᠣᠨ᠎ᠤ ᠦᠷᠡᠵᠢᠯ᠎ᠦᠨ ᠪᠤᠰᠤ ᠬᠤᠭᠤᠴᠠᠭᠠᠨ᠎ᠤ ᠤᠰᠤ ᠬᠡᠷᠡᠭᠯᠡᠬᠦ ᠬᠡᠮᠵᠢᠶ᠎ᠡ᠎ᠶᠢ 52%᠎ᠢᠶᠠᠷ ᠪᠠᠭᠠᠰᠬᠠᠪᠠ᠃
ᠠᠵᠤ ᠦᠢᠯᠡᠳᠪᠦᠷᠢ᠎ᠶᠢᠨ ᠤᠰᠤ ᠠᠷᠪᠢᠯᠠᠬᠤ ᠬᠦᠷᠢᠶᠡᠨ᠎ᠳᠦ᠂ ᠥᠪᠥᠷ ᠮᠣᠩᠭᠣᠯ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠳᠦᠷᠢᠮ᠎ᠦᠨ ᠲᠥᠷᠥ᠎ᠶᠢᠨ ᠪᠣᠳᠣᠯᠭ᠎ᠠ᠎ᠶᠢ ᠲᠦᠷᠭᠡᠳᠬᠡᠨ ᠲᠡᠭᠦᠯᠳᠡᠷᠵᠢᠭᠦᠯᠵᠦ᠂ 《 ᠳᠠᠬᠢᠯᠲᠠ ᠤᠰᠤ᠎ᠶᠢ ᠶᠡᠷᠦᠩᠬᠡᠢᠯᠡᠨ ᠠᠰᠢᠭ᠍ᠯᠠᠬᠤ᠎ᠶᠢ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ᠎ᠨᠦᠭᠦᠳ 》 《 ᠬᠠᠲᠤᠨ ᠭᠣᠣᠯ᠎ᠤᠨ ᠰᠠᠪᠠ ᠭᠠᠵᠠᠷ᠎ᠲᠤ ᠠᠯᠪᠠᠳᠠᠯᠭ᠎ᠠ᠎ᠶᠢᠨ ᠴᠢᠨᠠᠷᠲᠠᠢ ᠤᠰᠤ ᠬᠡᠷᠡᠭᠯᠡᠬᠦ ᠨᠣᠷᠮ᠎ᠠ᠎ᠶᠢᠨ ᠬᠠᠮᠢᠶᠠᠷᠤᠯᠲᠠ᠎ᠶᠢ ᠬᠡᠷᠡᠭᠵᠢᠭᠦᠯᠬᠦ ᠠᠷᠭ᠎ᠠ 》᠎ᠶᠢ ᠨᠡᠢᠲᠡᠯᠡᠪᠡ᠃ ᠪᠥᠬᠥ ᠣᠷᠣᠨ᠎ᠤ ᠡᠩ᠎ᠦᠨ ᠪᠤᠰᠤ ᠤᠰᠤᠨ ᠠᠰᠢᠭ᠍ᠯᠠᠯᠲᠠ᠎ᠶᠢᠨ ᠬᠡᠷᠡᠭᠯᠡᠬᠦ ᠬᠡᠮᠵᠢᠶ᠎ᠡ᠎ᠶᠢ 8.9 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠭᠡᠵᠦ᠂ 2020 ᠣᠨ᠎ᠤ ᠬᠢ᠎ᠡᠴᠡ 25% ᠪᠡᠷ ᠳᠡᠭᠡᠭᠰᠢᠯᠡᠭᠦᠯᠪᠡ ; ᠬᠠᠲᠤᠨ ᠭᠣᠣᠯ᠎ᠤᠨ ᠰᠠᠪᠠ ᠭᠠᠵᠠᠷ᠎ᠤᠨ 4 ᠠᠢᠮᠠᠭ ᠬᠣᠲᠠ ᠪᠥᠬᠥ ᠤᠯᠤᠰ᠎ᠤᠨ ᠨᠡᠢᠲᠡᠯᠢᠭ ᠭᠠᠵᠠᠷ ᠣᠷᠣᠨ᠎ᠤ ᠳᠠᠬᠢᠯᠲᠠ ᠤᠰᠤᠨ᠎ᠤ ᠠᠰᠢᠭ᠍ᠯᠠᠯᠲᠠ᠎ᠶᠢᠨ ᠲᠣᠬᠢᠷᠠᠭᠤᠯᠤᠯᠲᠠ᠎ᠶᠢᠨ ᠲᠤᠷᠰᠢᠯᠲᠠ᠎ᠶᠢᠨ ᠬᠣᠲᠠ᠎ᠳᠤ ᠰᠣᠩᠭᠣᠭᠳᠠᠨ ᠣᠷᠣᠵᠤ᠂ ᠪᠤᠭᠤᠲᠤ ᠬᠣᠲᠠ᠂ ᠦᠬᠠᠢ ᠬᠣᠲᠠ᠂ ᠣᠷᠳᠣᠰ ᠬᠣᠲᠠ ᠰᠢᠯᠢᠳᠡᠭ ᠲᠤᠷᠰᠢᠯᠲᠠ᠎ᠶᠢᠨ ᠬᠣᠲᠠ᠎ᠪᠠᠷ ᠰᠣᠩᠭᠣᠭᠳᠠᠪᠠ᠃
ᠬᠣᠲᠠ ᠪᠠᠯᠭᠠᠰᠤ᠎ᠶᠢᠨ ᠤᠰᠤ ᠠᠷᠪᠢᠯᠠᠬᠤ ᠬᠦᠷᠢᠶ᠎ᠡ ᠴᠠᠷᠠᠭ᠎ᠠ᠎ᠳᠤ᠂ ᠥᠪᠥᠷ ᠮᠣᠩᠭᠣᠯ ᠬᠣᠲᠠ ᠪᠠᠯᠭᠠᠰᠤ᠎ᠶᠢᠨ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠳᠦᠷᠢᠮ᠎ᠦᠨ ᠲᠥᠷᠥ᠎ᠶᠢᠨ ᠪᠣᠳᠣᠯᠭ᠎ᠠ᠎ᠶᠢ ᠲᠦᠷᠭᠡᠳᠬᠡᠨ ᠲᠡᠭᠦᠯᠳᠡᠷᠵᠢᠭᠦᠯᠵᠦ᠂ 《 ᠤᠰᠤ ᠠᠷᠪᠢᠯᠠᠬᠤ ᠠᠵᠤ ᠦᠢᠯᠡᠰ᠎ᠢ ᠲᠦᠷᠭᠡᠳᠬᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ 》᠎ᠶᠢ ᠳᠠᠷᠤᠮᠠᠯᠯᠠᠨ ᠲᠠᠷᠬᠠᠭᠠᠵᠤ᠂ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠵᠠᠬ᠎ᠠ ᠳᠡᠯᠭᠡᠭᠦᠷ᠎ᠢᠶᠡᠷ ᠬᠥᠳᠡᠯᠭᠡᠭᠦᠷ ᠪᠣᠯᠭᠠᠬᠤ᠂ ᠮᠡᠷᠭᠡᠵᠢᠯ᠎ᠢᠶᠡᠷ ᠲᠤᠯᠭᠠᠭᠤᠷᠢᠯᠠᠬᠤ᠂ ᠮᠥᠩᠭᠥᠨ ᠭᠦᠢᠯᠭᠡᠭᠡᠨ᠎ᠢᠶᠡᠷ ᠪᠠᠲᠤᠯᠠᠬᠤ 《 ᠳᠥᠷᠪᠡ᠎ᠶᠢ ᠨᠢᠭᠡ ᠴᠣᠭᠴᠠᠵᠢᠭᠤᠯᠬᠤ 》 ᠤᠰᠤ ᠠᠷᠪᠢᠯᠠᠬᠤ ᠠᠵᠤ ᠦᠢᠯᠡᠰ᠎ᠦᠨ ᠰᠢᠰᠲᠧᠮᠵᠢ᠎ᠶᠢ ᠪᠠᠢᠭᠤᠯᠵᠤ᠂ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠶᠢ ᠶᠡᠬᠡᠪᠡᠷ ᠲᠦᠯᠬᠢᠨ ᠠᠬᠢᠭᠤᠯᠪᠠ᠃