ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠴᠢᠨᠠᠷ᠎ᠤᠨ ᠠᠮᠤᠷ ᠲᠦᠪᠰᠢᠨ᠎ᠦ ᠲᠣᠣᠷ᠎ᠢ ᠨᠢᠭ᠍ᠲᠠ ᠰᠦᠯᠵᠢᠵᠦ ᠬᠢᠯᠢ ᠬᠢᠵᠠᠭᠠᠷ᠎ᠤᠨ ᠠᠷᠠᠳ᠎ᠤᠨ ᠠᠮᠢᠳᠤᠷᠠᠯ᠎ᠤᠨ ᠤᠰᠤᠨ ᠠᠰᠢᠭ᠍ᠯᠠᠯᠲᠠ᠎ᠶᠢᠨ ᠰᠠᠭᠤᠷᠢ᠎ᠶᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2026-01-03

      ᠤᠤᠭᠤᠬᠤ ᠤᠰᠤᠨ᠎ᠤ ᠠᠮᠤᠷ ᠲᠦᠪᠰᠢᠨ ᠪᠣᠯ ᠠᠷᠠᠳ᠎ᠤᠨ ᠠᠮᠢᠳᠤᠷᠠᠯ᠎ᠤᠨ ᠦᠨᠳᠦᠰᠦᠨ ᠱᠠᠭᠠᠷᠳᠠᠯᠭ᠎ᠠ ᠮᠥᠨ᠃ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠮᠠᠭ᠂ ᠤᠰᠤᠨ᠎ᠤ ᠴᠢᠨᠠᠷ᠎ᠤᠨ ᠲᠣᠭᠲᠠᠪᠤᠷᠢᠲᠤ ᠴᠢᠨᠠᠷ ᠬᠦᠷᠦᠯᠴᠡᠬᠦ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ 2025 ᠣᠨ᠎ᠳᠤ ᠥᠪᠡᠷᠲᠡᠭᠡᠨ ᠵᠠᠰᠠᠬᠤ ᠣᠷᠣᠨ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠪᠥᠬᠥ ᠬᠡᠯᠬᠢᠶᠡᠰᠦ᠎ᠶᠢᠨ ᠤᠰᠤᠨ᠎ᠤ ᠴᠢᠨᠠᠷ᠎ᠤᠨ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲᠧᠮᠵᠢ᠎ᠶᠢ ᠪᠠᠢᠭᠤᠯᠵᠤ᠂ ᠴᠡᠪᠡᠷ ᠲᠤᠩᠭᠠᠯᠠᠭ ᠪᠥᠭᠡᠳ ᠠᠮᠤᠷ ᠲᠦᠪᠰᠢᠨ ᠤᠤᠭᠤᠬᠤ ᠤᠰᠤ᠎ᠪᠠᠷ ᠤᠮᠠᠷᠠᠲᠤ ᠬᠢᠯᠢ᠎ᠶᠢ ᠰᠢᠮᠡᠵᠢᠭᠦᠯᠦᠨ᠎ᠡ᠃
      ᠡᠯ᠎ᠡ ᠭᠣᠭᠴᠣᠭ᠎ᠠ᠎ᠶᠢᠨ ᠬᠠᠮᠢᠶᠠᠷᠤᠯᠲᠠ ᠡᠵᠡᠮᠳᠡᠯ᠎ᠢ ᠴᠢᠩᠭ᠎ᠠ ᠴᠢᠩᠭᠠᠳᠬᠠᠨ᠎ᠠ᠃ ᠥᠪᠥᠷ ᠮᠣᠩᠭᠣᠯ 472 ᠰᠢᠶᠠᠩ ᠪᠠᠯᠭᠠᠰᠤ᠎ᠶᠢᠨ ᠲᠠᠰ᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠢ ᠬᠤᠪᠢᠶᠠᠷᠢᠯᠠᠨ ᠲᠣᠭᠲᠠᠭᠠᠵᠤ ᠂ ᠰᠡᠷᠭᠡᠢᠯᠡᠨ ᠬᠠᠮᠠᠭᠠᠯᠠᠬᠤ ᠲᠣᠭᠣᠷᠢᠨ ᠪᠠᠢᠴᠠᠭᠠᠬᠤ ᠲᠣᠭᠲᠠᠴᠠ᠎ᠶᠢ ᠨᠠᠢᠳᠠᠪᠤᠷᠢᠵᠢᠭᠤᠯᠤᠨ᠂ 《 ᠰᠡᠷᠭᠡᠢᠯᠡᠬᠦ ᠶᠣᠰᠣᠲᠠᠢ᠎ᠶᠢ ᠨᠢ ᠪᠦᠬᠦᠨ᠎ᠢ ᠰᠡᠷᠭᠡᠢᠯᠡᠬᠦ 》᠎ᠶᠢ ᠪᠡᠶᠡᠯᠡᠭᠦᠯᠵᠦ᠂ 76 ᠬᠣᠰᠢᠭᠤ ᠰᠢᠶᠠᠨ᠎ᠤ ᠠᠷᠢᠭᠤᠳᠬᠠᠬᠤ ᠠᠷᠭ᠎ᠠ ᠬᠡᠮᠵᠢᠶ᠎ᠡ᠎ᠶᠢ ᠪᠣᠳᠠᠲᠠᠢᠵᠢᠭᠤᠯᠤᠭᠰᠠᠨ ᠦᠭᠡᠢ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠪᠡᠶᠡᠯᠡᠭᠦᠯᠵᠦ᠂ 《 ᠠᠷᠢᠯᠭᠠᠬᠤ ᠶᠣᠰᠣᠲᠠᠢ᠎ᠶᠢ ᠨᠢ ᠪᠦᠬᠦᠨ᠎ᠢ ᠠᠷᠢᠯᠭᠠᠬᠤ 》᠎ᠶᠢ ᠪᠡᠶᠡᠯᠡᠭᠦᠯᠦᠨ᠂ 2.2 ᠲᠦᠮᠡᠨ ᠬᠡᠰᠡᠭ᠎ᠤᠨ ᠤᠰᠤ ᠬᠠᠩᠭᠠᠬᠤ ᠢᠨᠵᠧᠨᠧᠷᠢᠩ᠎ᠦᠨ ᠤᠰᠤᠨ᠎ᠤ ᠴᠢᠨᠠᠷ᠎ᠢ ᠪᠠᠢᠴᠠᠭᠠᠨ ᠰᠢᠯᠭᠠᠬᠤ ᠡᠭᠦᠷᠭᠡ᠎ᠶᠢ ᠪᠡᠶᠡᠯᠡᠭᠦᠯᠵᠦ᠂ 《 ᠪᠠᠢᠴᠠᠭᠠᠬᠤ ᠶᠣᠰᠣᠲᠠᠢ᠎ᠶᠢ ᠨᠢ ᠪᠦᠬᠦᠨ᠎ᠢ ᠪᠠᠢᠴᠠᠭᠠᠬᠤ 》᠎ᠶᠢ ᠪᠡᠶᠡᠯᠡᠭᠦᠯᠵᠦ᠂ ᠪᠣᠬᠢᠷᠲᠤᠯ᠎ᠤᠨ ᠲᠦᠭᠰᠢᠭᠦᠷᠢ᠎ᠶᠢ ᠪᠥᠬᠥ ᠬᠦᠴᠦᠨ᠎ᠢᠶᠡᠷ᠎ᠢᠶᠡᠨ ᠰᠡᠷᠭᠡᠢᠯᠡᠨ ᠡᠵᠡᠮᠳᠡᠪᠡ᠃ ᠪᠡᠯᠡ ᠮᠥᠩᠭᠥ᠎ᠶᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠨᠡᠢ᠍ᠢᠳᠡ 2.4 ᠳ᠋ᠦᠩᠰᠢᠭᠤᠷ ᠢᠯᠡᠭᠦᠦ ᠲᠥᠭᠥᠷᠢᠭ᠎ᠢ ᠤᠰᠤᠨ᠎ᠤ ᠡᠬᠢ ᠰᠤᠷᠪᠤᠯᠵᠢ᠎ᠶᠢ ᠰᠣᠯᠢᠬᠤ᠂ ᠴᠡᠪᠡᠷᠰᠢᠭᠦᠯᠦᠨ ᠠᠷᠢᠭᠤᠳᠬᠠᠬᠤ ᠲᠥᠬᠦᠭᠡᠷᠦᠮᠵᠢ᠎ᠶᠢ ᠤᠭᠰᠠᠷᠠᠬᠤ ᠵᠢᠴᠢ ᠰᠡᠯᠪᠢᠨ ᠵᠠᠰᠠᠵᠤ ᠠᠷᠠᠴᠢᠯᠠᠬᠤ᠎ᠳᠤ ᠬᠡᠷᠡᠭᠯᠡᠵᠦ᠂ 803 ᠬᠡᠰᠡᠭ᠎ᠦᠨ ᠤᠰᠤᠨ᠎ᠤ ᠡᠬᠢ ᠰᠤᠷᠪᠤᠯᠵᠢ᠎ᠶᠢ ᠰᠢᠯᠢᠳᠡᠭᠵᠢᠭᠦᠯᠦᠨ ᠰᠣᠯᠢᠬᠤ᠎ᠶᠢ ᠪᠡᠶᠡᠯᠡᠭᠦᠯᠵᠦ᠂ 2068 ᠢᠵᠢ ᠡᠯ᠎ᠡ ᠲᠦᠷᠦᠯ᠎ᠦᠨ ᠴᠡᠪᠡᠷᠰᠢᠭᠦᠯᠦᠨ ᠠᠷᠢᠭᠤᠳᠬᠠᠬᠤ ᠲᠥᠬᠦᠭᠡᠷᠦᠮᠵᠢ᠎ᠶᠢ ᠤᠭᠰᠠᠷᠠᠵᠤ᠂ 410 ᠬᠡᠰᠡᠭ᠎ᠦᠨ ᠤᠰᠤᠨ᠎ᠤ ᠴᠢᠨᠠᠷ᠎ᠤᠨ ᠳᠠᠯᠳᠠ ᠭᠡᠮ᠎ᠢ ᠠᠷᠢᠯᠭᠠᠪᠠ᠃
      ᠰᠢᠨ᠎ᠡ᠎ᠶᠢ ᠡᠭᠦᠳᠬᠦ ᠦᠢᠯᠡᠳᠦᠯᠭᠡ᠎ᠳᠦ ᠡᠯ᠎ᠡ ᠭᠠᠵᠠᠷ᠎ᠤᠨ ᠬᠢᠯᠡᠰ ᠴᠡᠭ ᠤᠯᠠᠨ ᠢᠯᠡᠷᠡᠵᠦ ᠪᠠᠢᠨ᠎ᠠ᠃ ᠡᠵᠡᠨ᠎ᠡ ᠬᠣᠰᠢᠭᠤᠨ᠎ᠤ ᠬᠢᠨ ᠴᠢᠨᠠᠷ ᠬᠤᠪᠢᠶᠠᠨ ᠤᠰᠤ ᠬᠠᠩᠭᠠᠬᠤ 9 ᠵᠢᠵᠢᠭ ᠦᠷᠲᠡᠭᠡ᠎ᠶᠢ ᠰᠢᠨ᠎ᠡ᠎ᠪᠡᠷ ᠪᠠᠢᠭᠤᠯᠵᠤ᠂ 《 ᠬᠣᠲᠠ ᠪᠠᠯᠭᠠᠰᠤᠨ᠎ᠳᠦ ᠲᠣᠬᠢᠷᠠᠭᠤᠯᠤᠨ ᠬᠦᠷᠭᠡᠬᠦ + ᠺᠠᠷᠲ᠎ᠢᠶᠠᠷ ᠤᠰᠤ ᠠᠪᠬᠤ 》 ᠵᠠᠭᠪᠤᠷ᠎ᠢᠶᠠᠷ ᠳᠠᠮᠵᠢᠭᠤᠯᠤᠨ᠂ ᠯᠢᠲᠷ ᠪᠦᠷᠢ 0.05 ᠲᠥᠭᠥᠷᠢᠭ᠎ᠦᠨ ᠦᠨ᠎ᠡ ᠪᠦᠬᠦᠢ ᠠᠷᠠᠳ ᠢᠷᠭᠡᠳ᠎ᠲᠦ ᠠᠰᠢᠭ᠋ ᠬᠦᠷᠲᠡᠭᠡᠬᠦ ᠦᠨ᠎ᠡ ᠲᠣᠭᠲᠠᠭᠠᠵᠤ᠂ 1300 ᠭᠠᠷᠤᠢ ᠮᠠᠯᠴᠢᠨ ᠲᠠᠷᠢᠶᠠᠴᠢᠨ᠎ᠤ ᠥᠩᠭᠡᠷᠡᠭᠰᠡᠨ᠎ᠦ 《 ᠤᠰᠤ ᠲᠡᠭᠡᠭᠡᠵᠦ ᠤᠤᠭᠤᠬᠤ᠂ ᠭᠠᠰᠢᠭᠤᠨ ᠱᠣᠷᠪᠣᠭ ᠤᠰᠤ ᠤᠤᠭᠤᠬᠤ 》 ᠬᠦᠴᠢᠷ ᠠᠰᠠᠭᠤᠳᠠᠯ᠎ᠢ ᠰᠢᠢᠳᠪᠦᠷᠢᠯᠡᠵᠡᠢ᠃ ᠲᠦᠮᠡᠳ ᠵᠡᠭᠦᠨ ᠬᠣᠰᠢᠭᠤᠨ᠎ᠳᠤ ᠬᠦᠨᠳᠦ ᠨᠣᠴᠢᠲᠠᠢ ᠦᠶᠡᠷ ᠤᠰᠤᠲᠤᠯ᠎ᠤᠨ ᠭᠠᠮᠰᠢᠭ᠋ ᠭᠠᠷᠤᠭᠰᠠᠨ᠎ᠤ ᠳᠠᠷᠠᠭ᠎ᠠ᠂ 《 ᠳᠥᠷᠪᠡᠨ ᠱᠠᠲᠤᠨ᠎ᠤ ᠬᠣᠯᠪᠤᠭᠠᠯᠠᠨ ᠪᠠᠢᠴᠠᠭᠠᠬᠤ 》 ᠤᠰᠤᠨ᠎ᠤ ᠴᠢᠨᠠᠷ᠎ᠢ ᠬᠢᠨᠠᠨ ᠬᠡᠮᠵᠢᠬᠦ ᠲᠣᠣᠷ ᠰᠦᠯᠵᠢᠶ᠎ᠡ ᠪᠠ ᠬᠥᠳᠡᠭᠡ ᠲᠣᠰᠬᠣᠨ᠎ᠤ ᠤᠰᠤ ᠬᠠᠩᠭᠠᠬᠤ ᠣᠶᠤᠨᠲᠤ ᠮᠡᠳᠡᠭᠡ ᠵᠠᠩᠭᠢᠴᠢᠯᠠᠯᠲᠠ᠎ᠶᠢᠨ ᠲᠠᠪᠴᠠᠩ᠎ᠳᠤ ᠲᠦᠰᠢᠭᠯᠡᠨ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠦᠷᠢᠯᠡᠬᠦ ᠪᠥᠬᠥ ᠶᠠᠪᠤᠴᠠ᠎ᠶᠢ ᠬᠠᠮᠢᠶᠠᠷᠤᠨ ᠡᠵᠡᠮᠳᠡᠬᠦ᠎ᠶᠢ ᠪᠡᠶᠡᠯᠡᠭᠦᠯᠵᠦ᠂ ᠭᠠᠮᠰᠢᠭ᠋᠎ᠤᠨ ᠳᠠᠷᠠᠭᠠᠬᠢ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
      ᠣᠳᠣᠬᠠᠨ᠎ᠳᠤ᠂ ᠥᠪᠥᠷ ᠮᠣᠩᠭᠣᠯ᠎ᠤᠨ 67 ᠬᠣᠰᠢᠭᠤ ᠰᠢᠶᠠᠨ ᠲᠣᠭᠣᠷᠢᠭ᠋᠎ᠲᠤ ᠨᠢᠭᠡᠨᠲᠡ ᠬᠥᠳᠡᠭᠡ ᠲᠣᠰᠬᠣᠨ᠎ᠤ ᠬᠠᠩᠭᠠᠬᠤ ᠤᠰᠤ᠎ᠶᠢ ᠰᠢᠶᠠᠨ᠎ᠤ ᠬᠡᠪᠴᠢᠶ᠎ᠡ᠎ᠪᠡᠷ ᠨᠢᠭᠡᠳᠦᠯᠲᠡᠢ ᠬᠠᠮᠢᠶᠠᠷᠬᠤ᠎ᠶᠢ ᠪᠡᠶᠡᠯᠡᠭᠦᠯᠵᠦ᠂ ᠨᠢᠭᠡᠳᠦᠯᠲᠡᠢ ᠬᠠᠮᠢᠶᠠᠷᠤᠯᠲᠠ᠎ᠶᠢᠨ ᠨᠣᠷᠮ᠎ᠠ ᠨᠢ 63.8%᠎ᠳᠤ ᠬᠥᠷᠪᠡ᠃ ᠡᠯ᠎ᠡ ᠭᠠᠵᠠᠷ᠎ᠤᠨ ᠬᠢᠨ ᠲᠤᠰᠬᠠᠢᠵᠢᠭ᠍ᠰᠠᠨ ᠬᠠᠮᠢᠶᠠᠷᠤᠨ ᠬᠠᠮᠠᠭᠠᠯᠠᠬᠤ᠂ ᠨᠠᠷᠢᠯᠢᠭ᠍ᠵᠢᠭᠤᠯᠤᠭᠰᠠᠨ ᠬᠢᠨᠠᠨ ᠬᠡᠮᠵᠢᠬᠦ᠂ ᠤᠯᠠᠨ ᠲᠦᠮᠡᠨ ᠬᠢᠨᠠᠯᠲᠠ ᠲᠠᠯᠪᠢᠵᠤ ᠣᠷᠣᠯᠴᠠᠬᠤ ᠵᠡᠷᠭᠡ ᠲᠣᠭᠲᠠᠴᠠ᠎ᠪᠠᠷ ᠳᠠᠮᠵᠢᠭᠤᠯᠵᠤ᠂ ᠤᠰᠤᠨ᠎ᠤ ᠴᠢᠨᠠᠷ᠎ᠢ ᠳᠡᠭᠡᠭᠰᠢᠯᠡᠭᠦᠯᠬᠦ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠵᠦ᠂ ᠮᠠᠯᠴᠢᠨ ᠲᠠᠷᠢᠶᠠᠴᠢᠨ᠎ᠤ ᠤᠤᠭᠤᠬᠤ ᠤᠰᠤ᠎ᠶᠢ ᠨᠡᠩ ᠰᠠᠨᠠᠭ᠎ᠠ ᠠᠮᠤᠷ ᠪᠣᠯᠭᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠬᠢᠯᠢ ᠬᠢᠵᠠᠭᠠᠷ᠎ᠤᠨ ᠲᠣᠭᠲᠠᠭᠤᠨ᠎ᠳᠤ ᠤᠰᠤᠨ ᠠᠰᠢᠭ᠍ᠯᠠᠯᠲᠠ᠎ᠶᠢᠨ ᠰᠠᠭᠤᠷᠢ᠎ᠶᠢ ᠪᠠᠲᠤ ᠴᠣᠭᠴᠠᠯᠠᠵᠤ ᠥᠭᠴᠡᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            