ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ ᠤᠰᠤᠨ᠎ᠳᠤ ᠬᠣᠯᠪᠣᠭᠳᠠᠬᠤ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-03

       12 ᠰᠠᠷ᠎ᠠ᠎ᠶᠢᠨ 19᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠢ ᠬᠣᠯᠪᠣᠭᠳᠠᠯ ᠪᠦᠬᠦᠢ ᠤᠰᠤᠨ᠎ᠳᠤ ᠬᠣᠯᠪᠣᠭᠳᠠᠭᠰᠠᠨ ᠠᠵᠤ ᠠᠬᠤᠢᠯᠠᠯ᠎ᠤᠨ ᠰᠠᠨᠠᠯ ᠰᠠᠨᠠᠭᠤᠯᠭ᠎ᠠ᠎ᠶᠢ ᠰᠣᠨᠣᠰᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠸᠠᠩ ᠪᠦᠦ ᠧᠨ ᠬᠤᠷᠠᠯ᠎ᠳᠤ ᠣᠷᠣᠯᠴᠠᠪᠠ᠃
       ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠬᠥᠬᠡᠮᠥ᠋ᠷᠡᠨ᠎ᠦ ᠭᠤᠷᠪᠠᠨ ᠬᠠᠪᠴᠢᠯ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠯᠢᠦ ᠸᠧᠢ ᠫᠢᠩ᠂ ᠳᠤᠮᠳᠠᠳᠤ ᠤᠯᠤᠰ᠎ᠤᠨ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠠᠨ ᠨᠠᠨ᠂ ᠳᠤᠮᠳᠠᠳᠤ ᠤᠯᠤᠰ᠎ᠤᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠯᠢᠶᠣᠤ ᠵᠢᠶᠠ ᠱᠧᠩ᠂ ᠤᠯᠤᠰ᠎ᠤᠨ ᠴᠠᠬᠢᠯᠭᠠᠨ ᠬᠦᠴᠦᠨ᠎ᠦ ᠨᠠᠨ ᠷᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠵᠧᠩ ᠽᠥᠩ ᠴᠢᠶᠠᠩ᠂ ᠭᠤᠸᠠᠩᠳᠦ᠋ᠩ᠎ᠦᠨ ᠶᠤᠸᠠᠢ ᠬᠠᠢ ᠰᠲ᠋ᠣᠺ ᠡᠵᠡᠮᠰᠢᠬᠦ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠲᠠᠨ ᠴᠢ ᠹᠧᠩ᠂ ᠰᠧᠴᠤᠸᠠᠨ ᠮᠤᠵᠢ᠎ᠶᠢᠨ ᠤᠰᠤᠨ ᠠᠰᠢᠭ᠍ᠯᠠᠯᠲᠠ᠎ᠶᠢᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠬᠤᠸᠠ᠂ ᠳᠤᠮᠳᠠᠳᠤ ᠤᠯᠤᠰ᠎ᠤᠨ ᠰᠧ ᠸᠧᠢ ᠬᠡᠮᠵᠢᠨ ᠵᠢᠷᠤᠬᠤ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠴᠠᠩ ᠮᠢᠩ ᠣᠳᠣᠬᠢᠴᠢᠯᠠᠭᠰᠠᠨ ᠤᠰᠤᠨ ᠲᠣᠣᠷ᠎ᠢ ᠲᠦᠷᠭᠡᠳᠬᠡᠨ ᠪᠠᠶ᠋ᠢᠭᠤᠯᠬᠤ᠂ ᠤᠰᠤ ᠠᠷᠪᠢᠯᠠᠬᠤ ᠠᠵᠤ ᠦᠢᠯᠡᠰ᠎ᠢ ᠬᠥᠭᠵᠢᠭᠦᠯᠬᠦ᠂ ᠤᠰᠤᠨ ᠠᠰᠢᠭ᠍ᠯᠠᠯᠲᠠ᠎ᠶᠢᠨ ᠮᠡᠷᠭᠡᠵᠢᠯ᠎ᠦᠨ ᠲᠤᠨᠤᠭ ᠲᠥᠬᠦᠭᠡᠷᠦᠮᠵᠢ᠎ᠶᠢ ᠰᠤᠳᠤᠯᠤᠨ ᠨᠡᠭᠡᠭᠡᠬᠦ ᠪᠠ ᠮᠡᠷᠭᠡᠵᠢᠯ᠎ᠦᠨ ᠪᠠᠷᠢᠮᠵᠢᠶ᠎ᠠ᠎ᠶᠢ ᠲᠣᠭᠲᠠᠭᠠᠬᠤ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ 《 ᠠᠭᠠᠷ ᠣᠭᠲᠠᠷᠭᠤᠢ ᠭᠠᠵᠠᠷ ᠤᠰᠤ ᠢᠨᠵᠧᠨᠧᠷᠢᠩ》᠎ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠵᠦ ᠮᠡᠳᠡᠷᠡᠬᠦ ᠰᠢᠰᠲᠧᠮ᠎ᠦᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠲᠤᠰ ᠲᠤᠰ ᠰᠠᠨᠠᠯ ᠰᠠᠨᠠᠭᠤᠯᠭ᠎ᠠ ᠳᠤᠷᠠᠳᠴᠠᠢ᠃
       ᠶᠠᠷᠢᠶ᠎ᠠ᠎ᠶᠢ ᠬᠢᠨᠠᠮᠠᠭᠠᠢ ᠰᠣᠨᠣᠰᠤᠭᠰᠠᠨ᠎ᠤ ᠳᠠᠷᠠᠭ᠎ᠠ ᠯᠢ ᠭᠦᠸᠧ ᠶᠢᠩ᠂ ᠤᠰᠤᠨ᠎ᠳᠤ ᠬᠣᠯᠪᠣᠭᠳᠠᠭᠰᠠᠨ ᠡᠯ᠎ᠡ ᠠᠵᠤ ᠠᠬᠤᠢᠯᠠᠯ᠎ᠤᠨ ᠲᠤᠰ ᠲᠤᠰ᠎ᠤᠨ ᠬᠦᠷᠢᠶ᠎ᠡ ᠪᠣᠯᠣᠨ ᠠᠵᠤ ᠠᠬᠤᠢᠯᠠᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠳᠤᠷᠠᠳᠤᠭᠰᠠᠨ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠨᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠤᠰᠤᠨ ᠠᠰᠢᠭ᠍ᠯᠠᠯᠲᠠ᠎ᠶᠢᠨ ᠠᠵᠢᠯ᠎ᠢ ᠰᠠᠢᠲᠤᠷ ᠬᠢᠬᠦ᠎ᠳᠦ ᠴᠢᠬᠤᠯᠠ ᠯᠠᠪᠯᠠᠯᠲᠠ᠎ᠶᠢᠨ ᠦᠨ᠎ᠡ ᠥᠷᠲᠡᠭ᠎ᠲᠠᠢ ᠶᠤᠮ᠃ ᠤᠰᠤᠨ ᠠᠰᠢᠭ᠍ᠯᠠᠯᠲᠠ᠎ᠶᠢᠨ ᠶᠠᠮᠤᠨ ᠵᠦᠢᠯ ᠳᠠᠷᠠᠭᠠᠯᠠᠨ ᠰᠤᠳᠤᠯᠵᠤ᠂ ᠭᠦᠢᠴᠡᠳ ᠰᠢᠩᠭᠡᠬᠡᠨ ᠠᠪᠴᠤ᠂ ᠡᠳᠡᠭᠡᠷ ᠰᠠᠨᠠᠯ ᠰᠠᠨᠠᠭᠤᠯᠭ᠎ᠠ᠎ᠶᠢ ᠦᠨᠡᠨ ᠬᠦ᠌ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠤᠰᠤᠨ ᠠᠰᠢᠭ᠍ᠯᠠᠯᠲᠠ᠎ᠶᠢᠨ ᠶᠠᠮᠤᠨ ᠳᠤᠷᠠᠲᠠᠶ᠎ᠠ ᠡᠯ᠎ᠡ ᠤᠰᠤᠨ᠎ᠳᠤ ᠬᠣᠯᠪᠣᠭᠳᠠᠬᠤ ᠠᠵᠤ ᠠᠬᠤᠢᠯᠠᠯ᠎ᠲᠠᠢ ᠬᠠᠮᠲᠤ᠎ᠪᠠᠷ ᠴᠢᠷᠮᠠᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠬᠦ᠂ ᠵᠠᠰᠠᠭ᠎ᠤᠨ ᠣᠷᠳᠣᠨ ᠪᠠ ᠨᠡᠢᠭᠡᠮ᠎ᠦᠨ ᠬᠥᠷᠥᠩᠭᠡ᠎ᠶᠢᠨ ᠬᠠᠮᠲᠤᠷᠠᠯᠴᠠᠭᠠᠨ᠎ᠤ ᠰᠢᠨ᠎ᠡ ᠲᠣᠭᠲᠠᠴᠠ᠎ᠶᠢ ᠰᠠᠢᠲᠤᠷ ᠬᠡᠷᠡᠭᠯᠡᠬᠦ᠂ ᠤᠰᠤᠨ ᠠᠰᠢᠭ᠍ᠯᠠᠯᠲᠠ᠎ᠶᠢᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠰᠤᠳᠤᠯᠤᠨ ᠨᠡᠭᠡᠭᠡᠬᠦ ᠪᠠ ᠮᠡᠷᠭᠡᠵᠢᠯ᠎ᠦᠨ ᠪᠠᠷᠢᠮᠵᠢᠶ᠎ᠠ᠎ᠶᠢ ᠲᠣᠭᠲᠠᠭᠠᠬᠤ ᠵᠡᠷᠭᠡ ᠲᠠᠯ᠎ᠠ᠎ᠪᠠᠷ ᠵᠠᠮ ᠨᠡᠭᠡᠭᠡᠨ ᠰᠢᠨ᠎ᠡ᠎ᠶᠢ ᠡᠭᠦᠳᠬᠦ᠎ᠶᠢ ᠲᠦᠷᠭᠡᠳᠬᠡᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠢᠯᠡᠪᠡ᠃
       ᠶᠠᠮᠤᠨ᠎ᠤ ᠶᠡᠷᠦᠩᠬᠡᠢ ᠢᠨᠵᠧᠨᠧᠷ ᠶᠡᠷᠦᠩᠬᠡᠢ ᠲᠥᠰᠥᠪᠯᠡᠭᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠶᠠᠮᠤᠨ᠎ᠤ ᠪᠠᠢᠭᠤᠯᠤᠭ᠎ᠠ᠎ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠢ᠎ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            