ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠣᠢᠷ᠎ᠠ᠎ᠳᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠨᠢᠭᠡ ᠴᠣᠭᠴᠠᠵᠢᠭ᠍ᠰᠠᠨ ᠬᠢᠨᠠᠨ ᠬᠡᠮᠵᠢᠵᠦ ᠮᠡᠳᠡᠷᠡᠬᠦ ᠰᠢᠰᠲᠧᠮᠵᠢ᠎ᠶᠢᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ ( 2025 ︱ 2027 ᠣᠨ ) 》᠎ᠢ ᠳᠠᠷᠤᠮᠠᠯᠯᠠᠨ ᠲᠠᠷᠬᠠᠭᠠᠪᠠ᠂ ᠡᠨᠡ ᠨᠢ ᠥᠪᠥᠷ ᠮᠣᠩᠭᠣᠯ ᠣᠶᠤᠨᠲᠤ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠂ ᠭᠣᠣᠯ ᠨᠠᠭᠤᠷ ᠴᠥᠭᠥᠷᠥᠮ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠲᠠᠯ᠎ᠠ᠎ᠪᠠᠷ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢᠨ᠎ᠠ᠃
《 ᠬᠡᠷᠡᠭᠵᠢᠭᠦᠯᠬᠦ ᠲᠥᠰᠥᠯ 》 ᠨᠢ ᠣᠳᠣᠬᠠᠨ᠎ᠤ ᠥᠪᠥᠷ ᠮᠣᠩᠭᠣᠯ᠎ᠤᠨ ᠭᠣᠣᠯ ᠮᠥᠷᠡᠨ ᠨᠠᠭᠤᠷ ᠴᠥᠭᠥᠷᠥᠮ᠎ᠦᠨ ᠲᠣᠭᠠᠴᠢᠯᠠᠭᠰᠠᠨ᠂ ᠣᠶᠤᠨᠴᠢᠯᠠᠭᠰᠠᠨ ᠬᠠᠮᠢᠶᠠᠷᠤᠯᠲᠠ ᠬᠠᠮᠠᠭᠠᠯᠠᠯᠲᠠ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠳᠤᠲᠠᠭᠤᠳᠠᠯ᠎ᠢ ᠰᠢᠰᠲᠧᠮ᠎ᠲᠠᠢ ᠡᠮᠬᠢᠯᠡᠨ ᠳᠢᠭᠯᠡᠵᠦ᠂ ᠡᠭᠦᠨ᠎ᠦ ᠬᠠᠮᠲᠤ ᠭᠠᠵᠠᠷ ᠣᠷᠣᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠢᠷᠡᠭᠡᠳᠦᠢ᠎ᠶᠢᠨ 3 ᠵᠢᠯ᠎ᠦᠨ ᠪᠦᠲᠦᠭᠡᠨ ᠪᠠᠢᠭᠤᠯᠤᠯᠲᠠ᠎ᠶᠢᠨ ᠵᠢᠷᠤᠭ ᠲᠥᠰᠥᠪ᠎ᠢ ᠲᠣᠳᠣᠷᠬᠠᠢ ᠲᠣᠭᠲᠠᠭᠠᠪᠠ᠂ ᠡᠭᠦᠨ᠎ᠳᠦ ᠭᠣᠣᠯ ᠮᠥᠷᠡᠨ ᠨᠠᠭᠤᠷ ᠴᠥᠭᠥᠷᠥᠮ᠎ᠦᠨ ᠦᠨᠳᠦᠰᠦᠨ ᠪᠠᠢᠳᠠᠯ᠎ᠢ ᠣᠢᠯᠠᠭᠠᠨ ᠪᠠᠢᠴᠠᠭᠠᠬᠤ᠂ ᠭᠣᠣᠯ ᠮᠥᠷᠡᠨ ᠨᠠᠭᠤᠷ ᠴᠥᠭᠥᠷᠥᠮ᠎ᠦᠨ ᠭᠠᠵᠠᠷ᠎ᠤᠨ ᠪᠣᠳᠠᠰ᠎ᠤᠨ ᠠᠯᠤᠰ ᠰᠡᠷᠡᠯ᠎ᠦᠨ ᠵᠢᠷᠤᠭ ᠲᠣᠯᠪᠣ᠎ᠶᠢ ᠬᠠᠷᠭᠤᠭᠤᠯᠤᠨ ᠪᠠᠢᠴᠠᠭᠠᠵᠤ 《 ᠡᠷᠬᠢᠨ ᠬᠠᠷᠠᠬᠤ 》 ᠂ ᠸᠢᠳᠢᠤ᠋ ᠬᠢᠨᠠᠨ ᠡᠵᠡᠮᠳᠡᠯ᠎ᠢᠶᠡᠷ ᠴᠠᠭ ᠲᠤᠬᠠᠢ ᠳ᠋ᠤᠨᠢ ᠰᠡᠭᠦᠳᠡᠷᠯᠡᠬᠦ᠂ ᠵᠢᠯᠣᠭᠣᠴᠢ ᠦᠭᠡᠢ ᠨᠢᠰᠬᠡᠯ᠎ᠢᠶᠠᠷ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠣᠷᠢᠨ ᠪᠠᠢᠴᠠᠭᠠᠬᠤ᠂ ᠭᠣᠣᠯ᠎ᠤᠨ ᠵᠠᠮ᠎ᠠᠴᠠ ᠡᠯᠡᠰᠦ ᠮᠠᠯᠲᠠᠬᠤ᠎ᠶᠢ ᠣᠶᠤᠨᠴᠢ᠎ᠪᠠᠷ ᠬᠢᠨᠠᠨ ᠬᠠᠮᠢᠶᠠᠷᠬᠤ ᠵᠡᠷᠭᠡ ᠲᠤᠯᠤᠭᠠᠨ ᠶᠡᠬᠡ ᠠᠭᠤᠯᠭ᠎ᠠ᠎ᠶᠢ ᠬᠠᠮᠤᠷᠴᠠᠢ᠃
2025 ᠣᠨ᠎ᠤ ᠡᠭᠦᠷᠭᠡ᠎ᠶᠢᠨ ᠨᠠᠷᠢᠨ ᠲᠠᠩᠰᠠ᠎ᠶᠢ ᠦᠨᠳᠦᠰᠦᠯᠡᠪᠡᠯ᠂ ᠭᠣᠣᠯ ᠮᠥᠷᠡᠨ ᠨᠠᠭᠤᠷ ᠴᠥᠭᠥᠷᠥᠮ᠎ᠦᠨ ᠦᠨᠳᠦᠰᠦᠨ ᠪᠠᠢᠳᠠᠯ᠎ᠢ ᠣᠢᠯᠠᠭᠠᠬᠤ ᠪᠠᠢᠴᠠᠭᠠᠯᠲᠠ᠎ᠶᠢᠨ ᠲᠥᠰᠥᠯ᠎ᠢ ᠨᠢᠭᠡᠨᠲᠡ ᠲᠣᠭᠲᠠᠭᠠᠵᠤ ᠳᠠᠭᠤᠰᠬᠠᠪᠠ; 56 ᠭᠣᠣᠯ᠎ᠤᠨ ᠵᠠᠮ᠎ᠢᠶᠠᠷ ᠡᠯᠡᠰᠦ ᠮᠠᠯᠲᠠᠬᠤ ᠵᠥᠪᠰᠢᠶᠡᠷᠡᠯ᠎ᠦᠨ ᠣᠷᠣᠨ ᠵᠢᠴᠢ ᠲᠣᠬᠢᠷᠠᠭᠤᠯᠤᠯᠲᠠ ᠬᠢᠵᠦ ᠳᠠᠬᠢᠨ ᠬᠢᠨᠠᠬᠤ ᠴᠢᠬᠤᠯᠠᠲᠠᠢ 186 ᠰᠡᠷᠭᠡᠭ ᠤᠰᠤᠨ᠎ᠤ ᠴᠠᠷᠠᠭ᠎ᠠ᠎ᠳᠤ ᠨᠢᠭᠡᠨᠲᠡ ᠲᠣᠭ᠎ᠠ ᠪᠠᠷᠢᠮᠲᠠ᠎ᠶᠢᠨ ᠵᠢᠷᠤᠭ᠎ᠢ ᠵᠢᠷᠤᠵᠤ ᠳᠠᠭᠤᠰᠬᠠᠪᠠ ; 2791 ᠭᠣᠣᠯ ᠮᠥᠷᠡᠨ ᠨᠠᠭᠤᠷ ᠴᠥᠭᠥᠷᠥᠮ᠎ᠦᠨ ᠡᠷᠡᠭᠦᠯ ᠮᠡᠨᠳᠦ᠎ᠶᠢᠨ ᠦᠨᠡᠯᠡᠯᠲᠡ᠎ᠶᠢᠨ ᠦᠷ᠎ᠡ ᠪᠦᠲᠦᠭᠡᠯ ᠬᠢᠭᠡᠳ 1.66 ᠲᠦᠮᠡᠨ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠮᠡᠳᠡᠭᠡ ᠵᠠᠩᠭᠢ᠎ᠶᠢᠨ ᠬᠥᠳᠡᠯᠦᠩᠭᠦᠢ ᠰᠢᠨᠡᠴᠢᠯᠡᠯᠲᠡ᠎ᠶᠢ ᠪᠡᠶᠡᠯᠡᠭᠦᠯᠵᠦ᠂ ᠪᠠᠷᠠᠭᠤᠨ ᠯᠢᠶᠣᠤ ᠾᠧ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠵᠢᠯᠣᠭᠣᠴᠢ ᠦᠭᠡᠢ ᠨᠢᠰᠬᠡᠯ᠎ᠢᠶᠠᠷ ᠲᠣᠭᠣᠷᠢᠨ ᠪᠠᠢᠴᠠᠭᠠᠬᠤ ᠠᠵᠢᠯ᠎ᠤᠨ ᠣᠨ᠎ᠤ ᠡᠭᠦᠷᠭᠡ᠎ᠶᠢᠨ 67.05%᠎ᠶᠢ ᠤᠷᠢᠳ᠎ᠢᠶᠠᠷ ᠲᠤᠷᠰᠢᠨ ᠪᠡᠶᠡᠯᠡᠭᠦᠯᠪᠡ ᠃ ᠡᠭᠦᠨ᠎ᠡᠴᠡ ᠭᠠᠳᠠᠨ᠎ᠠ᠂ ᠪᠠᠷᠠᠭᠤᠨ ᠯᠢᠶᠣᠤ ᠾᠧ ᠭᠣᠣᠯ᠂ ᠾᠧᠢ ᠾᠧ ᠭᠣᠣᠯ ᠵᠡᠷᠭᠡ 14 ᠭᠣᠣᠯ ᠮᠥᠷᠡᠨ ᠵᠢᠴᠢ ᠳᠠᠭ᠎ᠠ᠎ᠶᠢᠨ ᠨᠠᠭᠤᠷ᠎ᠤᠨ ᠸᠢᠳᠢᠤ᠋ ᠬᠢᠨᠠᠨ ᠡᠵᠡᠮᠳᠡᠯ᠎ᠦᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠨᠢᠭᠡᠨᠲᠡ ᠦᠨᠳᠦᠰᠦᠨ᠎ᠳᠡᠭᠡᠨ ᠳᠠᠭᠤᠰᠬᠠᠵᠤ᠂ ᠬᠠᠲᠤᠨ ᠭᠣᠣᠯ᠂ ᠯᠢᠶᠣᠤ ᠾᠧ ᠭᠣᠣᠯ᠎ᠤᠨ ᠰᠠᠪᠠ ᠭᠠᠵᠠᠷ᠎ᠤᠨ 10 ᠵᠢᠯᠣᠭᠣᠴᠢ ᠦᠭᠡᠢ ᠨᠢᠰᠬᠡᠯ᠎ᠦᠨ ᠪᠠᠭᠤᠳᠠᠯ ᠵᠢᠴᠢ ᠬᠠᠮᠢᠶᠠᠷᠤᠯᠲᠠ᠎ᠶᠢᠨ ᠲᠠᠪᠴᠠᠩ᠎ᠢ ᠨᠢᠭᠡᠨᠲᠡ ᠲᠤᠷᠰᠢᠨ ᠠᠵᠢᠯᠯᠠᠭᠤᠯᠬᠤ ᠱᠠᠲᠤᠨ᠎ᠳᠤ ᠣᠷᠣᠭᠤᠯᠪᠠ᠃