ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 4 ᠬᠠᠮᠲᠤ ᠨᠡᠶ᠋ᠢᠲᠡ᠂ 6 ᠬᠤᠪᠢ ᠬᠥᠮᠥᠨ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠬᠥᠬᠢᠭᠦᠯᠦᠯ᠎ᠢ ᠭᠥᠷᠳᠡᠪᠡ
ᠨᠡᠶ᠋ᠢᠲᠡᠯᠡᠭᠰᠡᠨ ᠴᠠᠭ᠄ 2026-01-03

       12 ᠰᠠᠷ᠎ᠠ᠎ᠶᠢᠨ 26᠎ᠤ ᠡᠳᠦᠷ᠂ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠱᠠᠩᠨᠠᠯ ᠣᠯᠭᠣᠬᠤ ᠬᠤᠷᠠᠯ ᠪᠡᠭᠡᠵᠢᠩ᠎ᠳᠦ ᠬᠤᠷᠠᠯᠳᠤᠵᠤ᠂ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠢ ᠭᠥᠷᠳᠡᠭᠰᠡᠨ ᠲᠡᠷᠢᠭᠦᠨ᠎ᠦ ᠬᠠᠮᠲᠤ ᠨᠡᠢᠳᠡ ᠪᠣᠯᠣᠨ ᠬᠤᠪᠢ ᠬᠥᠮᠥᠨ᠎ᠢ ᠬᠥᠬᠢᠭᠦᠯᠦᠨ ᠰᠠᠢᠰᠢᠶᠠᠵᠤ᠂ ᠪᠦᠬᠦ ᠤᠯᠤᠰ᠎ᠤᠨ 149 ᠨᠢᠭᠡᠴᠢ᠎ᠳᠦ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠠᠮᠲᠤ》 ᠴᠣᠯᠠ ᠣᠯᠭᠣᠵᠤ᠂ 199 ᠨᠥᠬᠥᠷ᠎ᠲᠦ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠤᠪᠢ ᠬᠥᠮᠥᠨ》᠎ᠦ ᠢᠷᠠᠭᠤ ᠠᠯᠳᠠᠷ᠎ᠤᠨ ᠴᠣᠯᠠ ᠣᠯᠭᠣᠵᠠᠢ᠃
       ᠲᠤᠰ ᠤᠳᠠᠭᠠᠨ᠎ᠤ ᠰᠢᠯᠭᠠᠷᠠᠭᠤᠯᠤᠨ ᠬᠥᠬᠢᠭᠦᠯᠬᠦ ᠶᠠᠪᠤᠴᠠ᠎ᠳᠤ᠂ ᠥᠪᠥᠷ ᠮᠣᠩᠭᠣᠯ᠎ᠤᠨ 4 ᠬᠠᠮᠲᠤ ᠨᠡᠶ᠋ᠢᠲᠡ ᠪᠣᠯᠣᠨ 6 ᠬᠤᠪᠢ ᠬᠥᠮᠥᠨ ᠰᠣᠩᠭᠣᠭᠳᠠᠵᠤ᠂ ᠡᠭᠦᠨ᠎ᠳᠦ᠂ ᠦᠬᠠᠢ ᠬᠣᠲᠠ᠎ᠶᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠶᠢᠨ ᠤᠰᠤᠨ᠎ᠤ ᠶᠠᠪᠤᠳᠠᠯ ᠪᠠ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠰᠠᠯᠠᠭ᠎ᠠ᠂ ᠬᠥᠬᠡᠬᠣᠲᠠ᠎ᠶᠢᠨ ᠪᠠᠢᠭᠤᠯᠭ᠎ᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠬᠢᠩᠭᠠᠨ ᠠᠢᠮᠠᠭ᠎ᠤᠨ ᠪᠥᠸᠧ ᠶᠤᠸᠠᠨ ᠬᠢᠮᠢ᠎ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠦᠨ ᠬᠥᠷᠥᠰᠥ ᠰᠢᠷᠣᠢ ᠪᠣᠷᠳᠣᠭᠤᠷ ᠪᠠ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ᠎ᠦᠨ ᠭᠠᠵᠠᠷ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠠᠮᠲᠤ》 ᠪᠡᠷ ᠰᠣᠩᠭᠣᠭᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠋᠎ᠤᠨ ᠲᠥᠪ᠎ᠦᠨ ᠤᠰᠤ ᠠᠷᠪᠢᠯᠠᠬᠤ᠎ᠶᠢ ᠠᠬᠢᠭᠤᠯᠬᠤ ᠭᠠᠵᠠᠷ᠎ᠤᠨ ᠸᠠᠩ ᠵᠢᠶᠦ᠋ᠨ᠂ ᠣᠷᠳᠣᠰ ᠬᠣᠲᠠ᠎ᠶᠢᠨ ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭ᠍ᠯᠠᠯᠲᠠ᠎ᠶᠢᠨ ᠲᠣᠪᠴᠢᠶ᠎ᠠ᠎ᠶᠢᠨ ᠱᠠᠩ ᠲᠤᠸ᠋᠂ ᠤᠯᠠᠭᠠᠨᠬᠠᠳᠠ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠎ᠶᠢᠨ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠰᠠᠯᠠᠭᠠᠨ᠎ᠤ ᠰᠢᠤᠸᠠᠢ ᠶᠢᠩ ᠶᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠮᠡᠷᠭᠡᠵᠢᠯ᠎ᠦᠨ ᠲᠥᠪ᠎ᠦᠨ ᠰᠢᠨᠵᠢᠯᠡᠬᠦ ᠤᠬᠠᠭᠠᠨ ᠮᠡᠷᠭᠡᠵᠢᠯ᠎ᠦᠨ ᠳᠡᠯᠭᠡᠷᠡᠭᠦᠯᠦᠯᠲᠡ᠎ᠶᠢᠨ ᠰᠠᠯᠠᠭᠠᠨ᠎ᠤ ᠼᠤᠤ ᠭᠠᠩ᠂ ᠥᠪᠥᠷ ᠮᠣᠩᠭᠣᠯ᠎ᠤᠨ ᠳᠠ ᠪᠥᠸᠧ᠎ᠶᠢᠨ ᠲᠢᠶᠠᠨ ᠮᠠᠰᠢᠨ ᠮᠧᠬᠠᠨᠢᠭ᠋᠎ᠤᠨ ᠬᠢᠵᠠᠭᠠᠷᠲᠤ ᠺᠣᠮᠫᠠᠨᠢ᠎ᠶᠢᠨ ᠯᠦ᠍ ᠳᠡ ᠪᠥᠸᠧ᠂ ᠣᠷᠳᠣᠰ ᠬᠣᠲᠠ᠎ᠶᠢᠨ ᠬᠣᠲᠠ᠎ᠶᠢᠨ ᠤᠰᠤᠨ᠎ᠤ ᠶᠠᠪᠤᠳᠠᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠮᠠ ᠵᠢᠶᠦ᠋ᠨ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠤᠪᠢ ᠬᠥᠮᠥᠨ》᠎ᠢᠶᠠᠷ ᠰᠣᠩᠭᠣᠭᠳᠠᠪᠠ᠃
       ᠤᠰᠤ ᠠᠷᠪᠢᠯᠠᠬᠤ ᠪᠣᠯ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠠᠰᠠᠭᠤᠳᠠᠯ᠎ᠢ ᠰᠢᠢᠳᠪᠦᠷᠢᠯᠡᠬᠦ ᠦᠨᠳᠦᠰᠦᠨ ᠭᠠᠷᠬᠤ ᠵᠠᠮ ᠮᠥᠨ᠂ ᠲᠡᠷᠡ ᠨᠢ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠲᠦᠯᠬᠢᠨ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠦᠲᠦᠭᠡᠨ ᠪᠠᠶ᠋ᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠨᠠᠮ ᠪᠣᠯᠣᠨ ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠢᠰᠢᠶᠠᠬᠤ ᠠᠵᠢᠯ᠎ᠤᠨ ᠵᠥᠪᠯᠡᠯ᠎ᠦᠨ ᠠᠯᠪᠠᠨ ᠭᠡᠷ᠎ᠦᠨ ᠵᠥᠪᠰᠢᠶᠡᠷᠡᠯ᠎ᠢᠶᠡᠷ᠂ 2024 ᠣᠨ᠎ᠤ 12 ᠰᠠᠷ᠎ᠠ᠎ᠳᠤ ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠢ ᠵᠢᠩᠬᠢᠨᠢ᠎ᠪᠡᠷ ᠪᠠᠢᠭᠤᠯᠵᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠣᠲᠠ ᠪᠠᠯᠭᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠵᠡᠷᠭᠡ ᠲᠠᠯ᠎ᠠ᠎ᠪᠠᠷ ᠲᠣᠪᠣᠢᠮ᠎ᠠ ᠠᠮᠵᠢᠯᠲᠠ ᠪᠦᠲᠦᠮᠵᠢ ᠭᠠᠷᠭᠠᠭᠰᠠᠨ ᠬᠠᠮᠲᠤ ᠨᠡᠶ᠋ᠢᠲᠡ ᠪᠠ ᠬᠤᠪᠢ ᠬᠥᠮᠥᠨ᠎ᠢ ᠬᠥᠬᠢᠭᠦᠯᠦᠨ ᠰᠠᠢᠰᠢᠶᠠᠬᠤ᠎ᠪᠠᠷ ᠵᠣᠷᠢᠯᠭ᠎ᠠ ᠪᠣᠯᠭᠠᠭᠰᠠᠨ ᠶᠤᠮ᠃ ᠲᠣᠰ ᠱᠠᠩᠨᠠᠯ᠎ᠢ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠭᠣᠣᠯᠯᠠᠨ ᠡᠷᠭᠢᠯᠡᠵᠦ᠂ ᠭᠤᠷᠪᠠᠨ ᠵᠢᠯ᠎ᠳᠦ ᠨᠢᠭᠡ ᠤᠳᠠᠭ᠎ᠠ ᠰᠢᠯᠭᠠᠷᠠᠭᠤᠯᠳᠠᠭ᠂ ᠡᠨᠡ ᠪᠣᠯ ᠮᠠᠨ᠎ᠤ ᠤᠯᠤᠰ᠎ᠤᠨ ᠤᠰᠤ ᠠᠷᠪᠢᠯᠠᠬᠤ ᠬᠦᠷᠢᠶᠡᠨ᠎ᠳᠡᠬᠢ ᠬᠠᠮᠤᠭ᠎ᠤᠨ ᠳᠡᠭᠡᠳᠦ ᠢᠷᠠᠭᠤ ᠠᠯᠳᠠᠷ ᠮᠥᠨ᠃ 2025 ᠣᠨ᠎ᠤ 8 ᠰᠠᠷ᠎ᠠ᠎ᠳᠤ᠂ ᠤᠰᠤᠨ ᠠᠰᠢᠭ᠍ᠯᠠᠯᠲᠠ᠎ᠶᠢᠨ ᠶᠠᠮᠤᠨ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠢ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ ᠠᠷᠭ᠎ᠠ》 ᠶ᠋ᠢ ᠳᠠᠷᠤᠮᠠᠯᠯᠠᠨ ᠲᠠᠷᠬᠠᠭᠠᠵᠤ᠂ ᠠᠩᠬᠠᠳᠤᠭᠠᠷ ᠬᠤᠭᠤᠴᠠᠭᠠᠨ᠎ᠤ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ ᠠᠵᠢᠯ᠎ᠢ ᠪᠠᠢᠷᠢᠯᠠᠭᠤᠯᠤᠨ ᠥᠷᠨᠢᠭᠦᠯᠵᠡᠢ᠃
       ᠤᠰᠤ᠎ᠶᠢ ᠠᠷᠪᠢᠯᠠᠵᠤ ᠬᠡᠷᠡᠭᠯᠡᠬᠦ᠎ᠳᠦ ᠪᠦᠬᠦ ᠨᠡᠢᠭᠡᠮ᠎ᠦᠨ ᠬᠠᠮᠲᠤ᠎ᠶᠢᠨ ᠴᠢᠷᠮᠠᠢᠯᠭ᠎ᠠ᠎ᠠᠴᠠ ᠰᠠᠯᠵᠤ ᠪᠣᠯᠬᠤ ᠦᠭᠡᠢ᠃ ᠣᠢᠷ᠎ᠠ᠎ᠶᠢᠨ ᠵᠢᠯ᠎ᠦᠳ᠎ᠲᠦ᠂ ᠤᠰᠤᠨ᠎ᠤ ᠡᠬᠢ ᠪᠠᠶᠠᠯᠢᠭ᠋ ᠳᠤᠲᠠᠮᠠᠭ᠂ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ᠂ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ ᠲᠣᠪᠣᠢᠮ᠎ᠠ ᠪᠠᠢᠬᠤ ᠵᠡᠷᠭᠡ ᠣᠷᠣᠨ᠎ᠤ ᠦᠨᠳᠦᠰᠦᠨ ᠪᠠᠢᠳᠠᠯ ᠤᠰᠤᠨ᠎ᠤ ᠪᠠᠢᠳᠠᠯ᠎ᠳᠤ ᠰᠠᠭᠤᠷᠢᠯᠠᠨ᠂ ᠪᠥᠬᠥ ᠣᠷᠣᠨ᠎ᠤ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠴᠢᠭᠯᠡᠯᠲᠡ᠎ᠶᠢ ᠭᠦᠨᠵᠡᠭᠡᠢ ᠦᠢᠯᠡᠳᠦᠯᠭᠡᠵᠢᠭᠦᠯᠵᠦ᠂ 《ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ》 ᠵᠠᠷᠴᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠤᠨ᠂ ᠤᠰᠤᠨ᠎ᠤ ᠡᠬᠢ ᠪᠠᠶᠠᠯᠢᠭ᠋᠎ᠢ ᠨᠠᠷᠢᠨ ᠨᠢᠮᠪᠠᠢ ᠪᠤᠳᠤᠵᠤ ᠰᠠᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠨᠢᠮᠪᠠᠢ ᠰᠠᠢᠲᠤᠷ ᠬᠠᠮᠢᠶᠠᠷᠴᠤ᠂ ᠪᠥᠬᠥ ᠨᠡᠢᠭᠡᠮ᠎ᠦᠨ ᠤᠰᠤ ᠠᠷᠪᠢᠯᠠᠬᠤ᠎ᠳᠤ ᠢᠯᠡᠳᠲᠡ ᠦᠷ᠎ᠡ ᠪᠦᠲᠦᠮᠵᠢ ᠣᠯᠬᠤ᠎ᠶᠢ ᠲᠦᠯᠬᠢᠨ ᠠᠬᠢᠭᠤᠯᠪᠠ᠃ 2025 ᠣᠨ᠎ᠳᠤ᠂ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠎ᠪᠡᠷ ᠳᠠᠮᠵᠢᠭᠤᠯᠤᠨ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠪᠠ ᠬᠤᠳᠠ ᠬᠥᠳᠡᠭᠡ᠎ᠶᠢᠨ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠠᠵᠢᠯ᠎ᠢ ᠶᠡᠬᠡ᠎ᠪᠡᠷ ᠲᠦᠯᠬᠢᠨ ᠠᠬᠢᠭᠤᠯᠵᠤ᠂ ᠵᠢᠯ᠎ᠦᠨ ᠳᠣᠲᠣᠷ᠎ᠠ ᠡᠯ᠎ᠡ ᠠᠵᠢᠯ ᠲᠦᠷᠦᠯ᠎ᠦᠨ ᠤᠰᠤ ᠠᠷᠪᠢᠯᠠᠬᠤ ᠴᠢᠳᠠᠪᠤᠷᠢ᠎ᠶᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠰᠢᠨ᠎ᠡ᠎ᠪᠡᠷ ᠨᠡᠮᠡᠭᠳᠡᠭᠦᠯᠦᠨ᠎ᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            