ᠣᠢᠷ᠎ᠠ᠎ᠳᠤ᠂ ᠵᠥᠩ ᠰᠢᠨ ᠪᠠᠩᠬᠢ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠥᠬᠡᠬᠣᠲᠠ᠎ᠳᠠᠬᠢ ᠬᠤᠪᠢᠶᠠᠷᠢ ᠪᠠᠩᠬᠢ᠎ᠶᠢᠨ ᠥᠪᠥᠷ ᠮᠣᠩᠭᠣᠯ᠎ᠤᠨ ᠭᠤᠸᠠᠩ ᠵᠢᠦᠢ ᠰᠢᠨ᠎ᠡ ᠮᠠᠲᠧᠷᠢᠶᠠᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ ᠲᠠᠯᠪᠢᠭ᠍ᠰᠠᠨ 3.3 ᠳ᠋ᠦᠩᠰᠢᠭᠤᠷ ᠲᠥᠭᠥᠷᠢᠭ᠎ᠦᠨ 《 ᠤᠰᠤᠨ᠎ᠤ ᠡᠷᠬᠡ + ᠪᠤᠰᠤᠳ ᠡᠳ᠋ ᠬᠥᠷᠥᠩᠭᠡ 》᠎ᠶᠢᠨ ᠬᠠᠮ ᠬᠡᠯᠪᠡᠷᠢ᠎ᠶᠢᠨ 《 ᠤᠰᠤᠨ᠎ᠤ ᠡᠷᠬᠡ᠎ᠶᠢᠨ ᠵᠢᠭᠡᠯᠡᠯᠭᠡ 》᠎ᠶᠢ ᠠᠮᠵᠢᠯᠲᠠ᠎ᠲᠠᠢ᠎ᠪᠠᠷ ᠨᠠᠢᠳᠠᠪᠤᠷᠢᠵᠢᠭᠤᠯᠬᠤ᠎ᠶᠢ ᠳᠠᠭᠠᠯᠳᠤᠨ᠂ ᠪᠥᠬᠥ ᠣᠷᠣᠨ᠎ᠤ 《 ᠤᠰᠤᠨ᠎ᠤ ᠡᠷᠬᠡ᠎ᠶᠢᠨ ᠵᠢᠭᠡᠯᠡᠯᠭᠡ 》᠎ᠶᠢᠨ ᠵᠢᠭᠡᠯᠡᠯᠭᠡ ᠲᠠᠯᠪᠢᠭ᠍ᠰᠠᠨ ᠵᠣᠭᠣᠰ᠎ᠤᠨ ᠲᠣᠭ᠎ᠠ 10 ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠭᠰᠠᠨ ᠪᠠᠢᠨ᠎ᠠ᠃ 2025 ᠣᠨ᠎ᠤ 5 ᠰᠠᠷ᠎ᠠ᠎ᠳᠤ ᠪᠦᠬᠦ ᠣᠷᠣᠨ᠎ᠳᠤ 《 ᠤᠰᠤᠨ᠎ᠤ ᠡᠷᠬᠡ᠎ᠶᠢᠨ ᠵᠢᠭᠡᠯᠡᠯᠭᠡ 》᠎ᠶᠢᠨ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠪᠦᠬᠦ ᠲᠠᠯ᠎ᠠ ᠪᠠᠷ ᠳᠡᠯᠭᠡᠷᠡᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ 《 ᠤᠰᠤᠨ᠎ᠤ ᠡᠷᠬᠡ᠎ᠶᠢᠨ ᠵᠢᠭᠡᠯᠡᠯᠭᠡ 》᠎ᠳᠤ ᠨᠢᠭᠡᠨᠲᠡ ᠨᠡᠶ᠋ᠢᠲᠡ 12 ᠳ᠋ᠦᠩᠰᠢᠭᠤᠷ ᠲᠥᠭᠥᠷᠢᠭ᠎ᠦᠨ ᠢᠲᠡᠭᠡᠮᠵᠢ ᠣᠯᠭᠣᠵᠤ᠂ 11.82 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠲᠠᠯᠪᠢᠵᠤ᠂ ᠤᠰᠤ ᠬᠡᠷᠡᠭᠯᠡᠬᠦ ᠡᠷᠬᠡ᠎ᠶᠢ ᠳᠠᠨᠵᠢᠯᠠᠬᠤ ᠪᠤᠶᠤ 《 ᠤᠰᠤᠨ᠎ᠤ ᠡᠷᠬᠡ + ᠪᠤᠰᠤᠳ ᠡᠳ᠋ ᠬᠥᠷᠥᠩᠭᠡ 》᠎ᠶᠢ ᠳᠠᠨᠵᠢᠯᠠᠬᠤ ᠵᠡᠷᠭᠡ ᠵᠠᠭᠪᠤᠷ᠎ᠤᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ᠂ 《 ᠨᠣᠢᠷᠮᠣᠭᠯᠠᠭᠰᠠᠨ 》 ᠤᠰᠤᠨ᠎ᠤ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠠᠵᠤ ᠠᠬᠤᠢᠯᠠᠯ᠎ᠤᠨ ᠬᠥᠭᠵᠢᠯᠲᠡ᠎ᠳᠦ ᠬᠦᠴᠦᠨ ᠨᠡᠮᠡᠷᠢᠯᠡᠬᠦ 《 ᠮᠥᠩᠭᠥᠨ ᠭᠦᠢᠯᠭᠡᠭᠡᠨ᠎ᠦ ᠠᠮᠢᠳᠤ ᠤᠰᠤ 》 ᠪᠣᠯᠭᠠᠨ ᠬᠤᠪᠢᠷᠠᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ᠎ᠪᠡᠷ ᠠᠰᠢᠭ᠍ᠯᠠᠬᠤ ᠪᠠ ᠠᠵᠤ ᠦᠢᠯᠡᠰ᠎ᠦᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠳᠦ ᠮᠥᠩᠭᠥᠨ ᠭᠦᠢᠯᠭᠡᠭᠡᠨ᠎ᠦ ᠤᠰᠤᠨ᠎ᠤ ᠬᠥᠳᠡᠯᠭᠡᠬᠦ ᠬᠦᠴᠦᠨ ᠨᠡᠮᠡᠷᠢᠯᠡᠪᠡ᠃
《 ᠤᠰᠤᠨ᠎ᠤ ᠡᠷᠬᠡ᠎ᠶᠢᠨ ᠵᠢᠭᠡᠯᠡᠯᠭᠡ 》᠎ᠶᠢ ᠲᠣᠭᠲᠠᠭᠤᠨ᠎ᠢᠶᠠᠷ ᠠᠬᠢᠭᠤᠯᠬᠤ᠎ᠶᠢᠨ ᠵᠡᠷᠭᠡ᠎ᠳᠤ᠂ 2025 ᠣᠨ᠎ᠳᠤ᠂ ᠮᠠᠨ᠎ᠤ ᠣᠷᠣᠨ᠎ᠤ 《 ᠤᠰᠤ ᠠᠷᠪᠢᠯᠠᠬᠤ ᠵᠢᠭᠡᠯᠡᠯᠭᠡ 》᠎ᠶᠢᠨ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡ ᠦᠷᠭᠦᠯᠵᠢᠯᠡᠨ ᠬᠦᠴᠦᠯᠡᠵᠦ᠂ ᠵᠢᠯ᠎ᠦᠨ ᠵᠢᠭᠡᠯᠡᠯᠭᠡ 17 ᠳ᠋ᠦᠩᠰᠢᠭᠤᠷ ᠲᠥᠭᠥᠷᠢᠭ᠎ᠲᠦ ᠬᠦᠷᠴᠦ ᠂ ᠠᠳᠠᠯᠢ ᠬᠤᠭᠤᠴᠠᠭᠠᠨ᠎ᠤ ᠬᠢ᠎ᠡᠴᠡ 44% ᠨᠡᠮᠡᠭᠳᠡᠨ᠂ ᠨᠡᠶ᠋ᠢᠲᠡ 28.82 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠲᠠᠯᠪᠢᠭ᠍ᠰᠠᠨ ᠪᠠᠢᠨ᠎ᠠ᠃ ᠢᠩᠭᠢᠭᠡᠳ ᠪᠥᠬᠥ ᠣᠷᠣᠨ᠎ᠤ 《 ᠤᠰᠤᠨ᠎ᠤ ᠡᠷᠬᠡ᠎ᠶᠢᠨ ᠵᠢᠭᠡᠯᠡᠯᠭᠡ 》 《 ᠤᠰᠤ ᠠᠷᠪᠢᠯᠠᠬᠤ ᠵᠢᠭᠡᠯᠡᠯᠭᠡ 》 ᠭᠡᠬᠦ ᠬᠣᠶᠠᠷ ᠵᠦᠢᠯ᠎ᠦᠨ ᠵᠦᠢ ᠶᠣᠰᠣᠨ᠎ᠤ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠦ ᠵᠢᠭᠡᠯᠡᠯᠭᠡ ᠲᠠᠯᠪᠢᠬᠤ ᠬᠡᠪᠴᠢᠶ᠎ᠡ 40 ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠪᠠ᠃
《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》 ᠵᠡᠷᠭᠡ ᠵᠦᠢ ᠶᠣᠰᠣᠨ᠎ᠤ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨᠢ ᠪᠥᠬᠥ ᠲᠠᠯ᠎ᠠ᠎ᠪᠠᠷ ᠬᠡᠷᠡᠭᠵᠢᠭᠦᠯᠬᠦ ᠪᠣᠯ ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠦᠯᠲᠡ᠎ᠶᠢ ᠭᠦᠨᠵᠡᠭᠡᠢ ᠲᠦᠯᠬᠢᠨ ᠠᠬᠢᠭᠤᠯᠵᠤ᠂ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠦᠢᠯᠡᠳᠦᠯ᠎ᠢ ᠢᠳᠡᠪᠬᠢᠲᠡᠢ ᠪᠠᠳᠠᠷᠠᠭᠤᠯᠤᠨ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ᠎ᠶᠢ ᠲᠦᠯᠬᠢᠨ ᠠᠬᠢᠭᠤᠯᠬᠤ᠎ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠦᠷᠭᠦᠯᠵᠢᠯᠡᠨ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠂ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠤ ᠬᠣᠣᠰ ᠴᠢᠭᠯᠡᠯ᠎ᠢᠶᠡᠷ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠵᠡᠷᠭᠡ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠮᠥᠩᠭᠥᠨ ᠭᠦᠢᠯᠭᠡᠭᠡᠨ᠎ᠦ ᠡᠬᠢ ᠪᠠᠶᠠᠯᠢᠭ᠋ ᠬᠢᠭᠡᠳ ᠤᠰᠤ ᠠᠷᠪᠢᠯᠠᠬᠤ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ᠂ ᠤᠰᠤ ᠠᠷᠪᠢᠯᠠᠬᠤ ᠲᠡᠷᠢᠭᠦᠨ᠎ᠦ ᠬᠡᠷᠡᠭᠯᠡᠭᠡᠨ᠎ᠦ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠨ᠂ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶᠢ ᠪᠣᠳᠠᠲᠠᠢᠵᠢᠭᠤᠯᠬᠤ᠂ ᠤᠰᠤᠨ᠎ᠤ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠬᠤ ᠵᠡᠷᠭᠡ ᠭᠣᠣᠯᠳᠠᠯᠭ᠎ᠠ᠎ᠲᠠᠢ ᠲᠥᠷᠥᠯ ᠵᠦᠢᠯ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠶᠢᠨ ᠳᠣᠲᠣᠭᠠᠳᠤ᠎ᠶᠢᠨ ᠬᠥᠳᠡᠯᠭᠡᠬᠦ ᠬᠦᠴᠦᠨ ᠪᠠ ᠤᠰᠤ ᠠᠷᠪᠢᠯᠠᠬᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ᠎ᠡ᠃