ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠥᠪᠯᠡᠯ 12 ᠳ᠋ᠤᠭᠠᠷ ᠬᠤᠭᠤᠴᠠᠭᠠᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ ᠬᠢᠪᠡ
ᠨᠡᠶ᠋ᠢᠲᠡᠯᠡᠭᠰᠡᠨ ᠴᠠᠭ᠄ 2026-01-03

       12 ᠰᠠᠷ᠎ᠠ᠎ᠶᠢᠨ 15᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠥᠪᠯᠡᠯ ( ᠳᠣᠷᠣᠭ᠍ᠰᠢ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠥᠪᠯᠡᠯ ᠭᠡᠵᠦ ᠲᠣᠪᠴᠢᠯᠠᠨ᠎ᠠ ) ᠪᠡᠭᠡᠵᠢᠩ᠎ᠳᠦ 12 ᠳ᠋ᠤᠭᠠᠷ ᠬᠤᠭᠤᠴᠠᠭᠠᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ ᠬᠢᠪᠡ᠃ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠥᠪᠯᠡᠯ᠎ᠦᠨ ᠭᠡᠰᠢᠭᠦᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠵᠧᠦ ᠴᠤᠸᠠᠩ ᠪᠢᠩ ᠠᠺᠠᠳᠧᠮᠢᠴᠢ ᠤᠷᠢᠯᠭ᠎ᠠ᠎ᠪᠠᠷ 《 ᠠᠮᠤᠷ ᠲᠦᠪᠰᠢᠨ ︱ ᠠᠮᠢ ᠠᠬᠤᠢ ︱ ᠣᠶᠤᠨᠲᠤ ᠴᠥᠭᠥᠷᠥᠮ᠎ᠦᠨ ᠬᠠᠰᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠥᠷᠢᠰᠦᠯᠳᠦᠭᠡᠨ ᠪᠠ ᠪᠠᠷᠠᠯᠠᠯ 》 ᠭᠡᠬᠦ ᠡᠷᠳᠡᠮ ᠰᠢᠨᠵᠢᠯᠡᠭᠡᠨ᠎ᠦ ᠮᠡᠳᠡᠭᠦᠯᠦᠯᠲᠡ ᠬᠢᠪᠡ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠂ ᠳᠡᠳ᠋ ᠰᠠᠢᠳ ᠽᠦ᠍ ᠯᠧᠢ ᠮᠢᠩ᠂ ᠯᠢᠦ ᠳ᠋ᠦᠩ ᠱᠦᠨ ᠲᠠᠢᠯᠤᠮᠵᠢ᠎ᠳᠤ ᠣᠷᠣᠯᠴᠠᠵᠤ ᠂ ᠶᠠᠮᠤᠨ᠎ᠤ ᠶᠡᠷᠦᠩᠬᠡᠢ ᠢᠨᠵᠧᠨᠧᠷ᠂ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠥᠪᠯᠡᠯ᠎ᠦᠨ ᠡᠷᠬᠢᠯᠡᠭᠴᠢ ᠭᠡᠰᠢᠭᠦᠨ ᠵᠥᠩ ᡁᠢ ᠢᠦᠢ ᠲᠠᠢᠯᠤᠮᠵᠢ᠎ᠶᠢ ᠡᠷᠭᠢᠯᠡᠪᠡ᠃
       ᠵᠧᠦ ᠴᠤᠸᠠᠩ ᠪᠢᠩ ᠠᠺᠠᠳᠧᠮᠢᠴᠢ ᠠᠵᠢᠯ ᠲᠦᠷᠦᠯ᠎ᠦᠨ ᠠᠮᠢᠳᠤᠯᠢᠭ᠋ ᠦᠢᠯᠡᠳᠦᠯᠭᠡ᠎ᠶᠢᠨ ᠵᠢᠱ᠌ᠢᠶ᠎ᠡ ᠪᠣᠯᠣᠨ ᠨᠠᠷᠢᠨ ᠬᠢᠨᠠᠮᠠᠭᠠᠢ ᠵᠠᠳᠠᠯᠤᠯᠲᠠ ᠨᠤᠲᠠᠯᠠᠯᠲᠠ᠎ᠲᠠᠢ ᠤᠶᠠᠯᠳᠤᠭᠤᠯᠵᠤ᠂ ᠮᠠᠨ᠎ᠤ ᠤᠯᠤᠰ᠎ᠤᠨ ᠴᠥᠭᠥᠷᠥᠮ᠎ᠦᠨ ᠬᠠᠰᠢᠯᠭ᠎ᠠ᠎ᠶᠢᠨ ᠠᠮᠤᠷ ᠲᠦᠪᠰᠢᠨ ᠬᠥᠭᠵᠢᠯᠲᠡ᠎ᠶᠢᠨ ᠶᠠᠪᠤᠴᠠ ᠪᠣᠯᠣᠨ ᠶᠡᠷᠦᠩᠬᠡᠢ ᠪᠠᠢᠳᠠᠯ᠎ᠢ ᠪᠦᠬᠦ ᠲᠠᠯ᠎ᠠ᠎ᠪᠠᠷ ᠡᠮᠬᠢᠯᠡᠵᠦ᠂ ᠠᠮᠤᠷ ᠲᠦᠪᠰᠢᠨ᠎ᠦ ᠶᠡᠬᠡ ᠬᠠᠰᠢᠯᠭ᠎ᠠ᠂ ᠠᠮᠢ ᠠᠬᠤᠢ᠎ᠶᠢᠨ ᠶᠡᠬᠡ ᠬᠠᠰᠢᠯᠭ᠎ᠠ᠂ ᠣᠶᠤᠨᠲᠤ ᠶᠡᠬᠡ ᠬᠠᠰᠢᠯᠭ᠎ᠠ᠎ᠶᠢ ᠪᠦᠲᠦᠭᠡᠨ ᠪᠠᠶ᠋ᠢᠭᠤᠯᠬᠤ᠎ᠳᠤ ᠲᠤᠯᠭᠠᠷᠠᠵᠤ ᠪᠠᠢᠭ᠎ᠠ ᠭᠣᠣᠯ ᠥᠷᠢᠰᠦᠯᠳᠦᠭᠡᠨ ᠵᠢᠴᠢ ᠵᠠᠩᠭᠢᠯᠠᠭ᠎ᠠ᠎ᠶᠢᠨ ᠮᠡᠷᠭᠡᠵᠢᠯ᠎ᠦᠨ ᠠᠰᠠᠭᠤᠳᠠᠯ᠎ᠢ ᠨᠠᠷᠢᠨ ᠲᠣᠳᠣᠷᠬᠠᠢ ᠥᠭᠦᠯᠡᠵᠦ᠂ ᠨᠢᠭᠡᠨᠲᠡ ᠣᠯᠣᠭᠰᠠᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠳ᠋ᠦᠩᠨᠡᠨ ᠪᠣᠯᠪᠠᠰᠤᠷᠠᠭᠤᠯᠵᠠᠢ᠃ ᠡᠭᠦᠨ᠎ᠦ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠭᠰᠠᠨ ᠴᠥᠭᠥᠷᠥᠮ᠎ᠦᠨ ᠬᠠᠰᠢᠯᠭ᠎ᠠ᠎ᠶᠢᠨ ᠢᠨᠵᠧᠨᠧᠷᠢᠩ᠎ᠦᠨ ᠲᠠᠰ ᠳᠡᠪᠰᠢᠬᠦ ᠮᠡᠷᠭᠡᠵᠢᠯ᠎ᠦᠨ ᠠᠷᠭ᠎ᠠ ᠵᠠᠮ᠎ᠢ ᠳᠤᠷᠠᠳᠤᠨ ᠭᠠᠷᠭᠠᠵᠤ᠂ 《 ᠠᠮᠤᠷ ᠲᠦᠪᠰᠢᠨ ᠤᠶᠠᠨ ᠬᠠᠲᠠᠨ ᠴᠢᠨᠠᠷ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠲᠤᠭᠠᠴᠢᠯᠠᠯᠳᠠ᠎ᠪᠠᠷ ᠴᠢᠳᠠᠪᠤᠷᠢ ᠣᠯᠭᠣᠬᠤ᠂ ᠰᠢᠨ᠎ᠡ ᠴᠢᠨᠠᠷᠯᠢᠭ᠋ ᠥᠨᠳᠥᠷ ᠪᠦᠲᠦᠮᠵᠢᠲᠡᠶ 》 ᠴᠥᠭᠥᠷᠥᠮ᠎ᠦᠨ ᠬᠠᠰᠢᠯᠭ᠎ᠠ᠎ᠶᠢᠨ ᠢᠨᠵᠧᠨᠧᠷᠢᠩ᠎ᠦᠨ ᠬᠥᠭᠵᠢᠯᠲᠡ᠎ᠶᠢᠨ ᠵᠢᠷᠤᠭ ᠲᠥᠰᠥᠪ᠎ᠢ ᠪᠠᠷᠠᠯᠠᠵᠠᠢ᠃
       ᠵᠧᠦ ᠴᠤᠸᠠᠩ ᠪᠢᠩ ᠠᠺᠠᠳᠧᠮᠢᠴᠢ ᠪᠣᠯᠣᠨ ᠲᠤᠬᠠᠢ᠎ᠶᠢᠨ ᠲᠠᠯᠠᠪᠠᠢ᠎ᠶᠢᠨ ᠰᠣᠨᠣᠰᠤᠭ᠍ᠴᠢᠳ ᠣᠶᠤᠨᠲᠤ ᠶᠡᠬᠡ ᠬᠠᠰᠢᠯᠭ᠎ᠠ᠎ᠶᠢᠨ ᠮᠡᠷᠭᠡᠵᠢᠯ᠎ᠦᠨ ᠪᠠᠷᠢᠮᠵᠢᠶᠠᠨ᠎ᠤ ᠰᠢᠰᠲᠧᠮ᠎ᠤᠨ ᠪᠠᠢᠭᠤᠯᠤᠯᠲᠠ᠂ ᠨᠢᠭᠡᠨᠲᠡ ᠪᠠᠢᠭᠤᠯᠤᠭᠰᠠᠨ ᠤᠰᠤᠨ ᠴᠥᠭᠥᠷᠥᠮ᠎ᠦᠨ ᠲᠤᠭᠠᠴᠢᠯᠠᠯᠳᠠ ᠣᠶᠤᠨᠴᠢᠯᠠᠯᠲᠠ ᠵᠢᠨ ᠥᠭᠡᠷᠡᠴᠢᠯᠡᠯᠲᠡ᠂ ᠣᠶᠤᠨᠲᠤ ᠶᠡᠬᠡ ᠬᠠᠰᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠤᠯᠵᠤ ᠠᠷᠠᠴᠢᠯᠠᠬᠤ ᠪᠠ ᠤᠰᠤᠨ ᠠᠰᠢᠭ᠍ᠯᠠᠯᠲᠠ᠎ᠶᠢᠨ ᠠᠶᠤᠯᠭᠦᠢ ᠦᠢᠯᠡᠳᠪᠦᠷᠢᠯᠡᠯ᠎ᠦᠨ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ 《 ᠵᠢᠷᠭᠤᠭᠠᠨ ᠵᠦᠢᠯ᠎ᠦᠨ ᠲᠣᠭᠲᠠᠴᠠ 》 ᠶ᠋ᠢ ᠠᠭᠤᠰᠤᠯᠴᠠᠭᠤᠯᠬᠤ᠂ ᠶᠡᠬᠡ ᠬᠠᠰᠢᠯᠭ᠎ᠠ᠎ᠶᠢᠨ ᠣᠶᠤᠨᠲᠤ ᠬᠢᠨᠠᠨ ᠬᠡᠮᠵᠢᠯᠲᠡ ᠪᠣᠯᠣᠨ ᠣᠶᠤᠨᠲᠤ ᠵᠠᠳᠠᠯᠤᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ ᠵᠡᠷᠭᠡ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠵᠠᠢ᠃ ᠰᠣᠨᠣᠰᠤᠭ᠍ᠴᠢᠳ ᠲᠤᠰ ᠤᠳᠠᠭ᠎ᠠ᠎ᠶᠢᠨ ᠲᠠᠢᠯᠤᠮᠵᠢ᠎ᠶᠢᠨ ᠠᠭᠤᠯᠭ᠎ᠠ ᠨᠢ ᠨᠠᠷᠢᠨ ᠪᠣᠳᠠᠲᠠᠢ᠂ ᠵᠠᠳᠠᠯᠤᠯᠲᠠ ᠨᠢ ᠲᠤᠭᠤᠰᠢᠲᠠᠢ ᠪᠠᠢᠵᠤ᠂ ᠮᠠᠨ᠎ᠤ ᠤᠯᠤᠰ᠎ᠤᠨ ᠴᠥᠭᠥᠷᠥᠮ᠎ᠦᠨ ᠬᠠᠰᠢᠯᠭ᠎ᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ᠎ᠳᠦ ᠠᠰᠢᠭ᠍ᠲᠠᠢ ᠰᠡᠩᠬᠡᠷᠡᠭᠦᠯᠦᠯ ᠬᠠᠩᠭᠠᠵᠠᠢ ᠭᠡᠵᠦ ᠰᠠᠨᠠᠯ ᠨᠢᠭᠡᠲᠡᠢ ᠢᠯᠡᠳᠬᠡᠪᠡ᠃
       ᠦ᠋ ᠸᠧᠨ ᠴᠢᠩ ᠶᠡᠷᠦᠩᠬᠡᠢ ᠲᠥᠰᠥᠪᠯᠡᠭᠴᠢ ᠲᠠᠢᠯᠤᠮᠵᠢ᠎ᠳᠤ ᠣᠷᠣᠯᠴᠠᠵᠤ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ᠎ᠤ ᠰᠢᠭᠤᠳ ᠬᠠᠷᠢᠶ᠎ᠠ ᠡᠯ᠎ᠡ ᠨᠢᠭᠡᠴᠢ᠎ᠶᠢᠨ ᠲᠥᠯᠥᠭᠡᠯᠡᠭᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶᠢ ᠤᠶᠠᠯᠳᠤᠭᠤᠯᠬᠤ ᠬᠡᠯᠪᠡᠷᠢ᠎ᠪᠡᠷ ᠲᠠᠢᠯᠤᠮᠵᠢ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            