ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 2024 ᠣᠨ᠎ᠤ ᠪᠥᠬᠥ ᠣᠷᠣᠨ᠎ᠤ ᠡᠳ᠋᠎ᠦᠨ ᠵᠠᠰᠠᠭ᠎ᠤᠨ ᠲᠥᠰᠥᠪ᠎ᠦᠨ ᠭᠦᠢᠴᠡᠳᠬᠡᠯ ᠪᠠ ᠵᠠᠰᠠᠭ᠎ᠤᠨ ᠣᠷᠳᠣᠨ᠎ᠤ ᠡᠳ᠋᠎ᠦᠨ ᠶᠠᠪᠤᠳᠠᠯ᠎ᠤᠨ ᠮᠡᠳᠡᠭᠦᠯᠦᠯᠲᠡ᠎ᠶᠢᠨ ᠠᠵᠢᠯ᠎ᠤᠨ ᠪᠠᠢᠳᠠᠯ᠎ᠢ ᠵᠠᠷᠯᠠᠨ ᠮᠡᠳᠡᠭᠳᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠰᠠᠯᠠᠭ᠎ᠠ ᠮᠥᠴᠢᠷ᠎ᠦᠨ ᠲᠥᠰᠥᠪ᠎ᠦᠨ ᠭᠦᠢᠴᠡᠳᠬᠡᠯ ᠪᠠ ᠵᠠᠰᠠᠭ᠎ᠤᠨ ᠣᠷᠳᠣᠨ᠎ᠤ ᠡᠳ᠋᠎ᠦᠨ ᠶᠠᠪᠤᠳᠠᠯ᠎ᠤᠨ ᠮᠡᠳᠡᠭᠦᠯᠦᠯᠲᠡ᠎ᠶᠢᠨ ᠬᠣᠶᠠᠷ ᠵᠦᠢᠯ᠎ᠦᠨ ᠠᠵᠢᠯ ᠨᠢ ᠴᠥᠮ ᠬᠣᠶᠠᠷ ᠵᠢᠯ ᠳᠠᠷᠠᠭᠠᠯᠠᠨ ᠵᠠᠷᠯᠠᠨ ᠰᠠᠢᠰᠢᠶᠠᠭᠳᠠᠵᠤ᠂ 《 ᠲᠣᠪᠣᠢᠮ᠎ᠠ ᠠᠮᠵᠢᠯᠲᠠ ᠪᠦᠲᠦᠮᠵᠢ᠎ᠲᠠᠢ ᠰᠠᠯᠠᠭ᠎ᠠ ᠮᠥᠴᠢᠷ 》᠎ᠢᠶᠡᠷ ᠦᠨᠡᠯᠡᠭᠳᠡᠪᠡ᠃ ᠤᠷᠲᠤ ᠬᠤᠭᠤᠴᠠᠭᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠡᠳ᠋᠎ᠦᠨ ᠶᠠᠪᠤᠳᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢᠴᠢ ᠡᠳ᠋᠎ᠦᠨ ᠵᠠᠰᠠᠭ᠎ᠤᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠰᠤᠨ ᠠᠰᠢᠭ᠍ᠯᠠᠯᠲᠠ᠎ᠶᠢᠨ ᠭᠣᠣᠯ ᠠᠵᠢᠯ᠎ᠲᠠᠢ ᠨᠢᠭ᠍ᠲᠠ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠡᠳ᠋᠎ᠦᠨ ᠶᠠᠪᠤᠳᠠᠯ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠭᠣᠣᠯ ᠤᠳᠤᠷᠢᠳᠤᠯᠭ᠎ᠠ ᠪᠡᠶ᠎ᠡ᠎ᠪᠡᠷ᠎ᠢᠶᠡᠨ ᠠᠳᠬᠤᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ᠎ᠪᠠᠷ ᠠᠳᠬᠤᠵᠤ᠂ ᠡᠯ᠎ᠡ ᠱᠠᠲᠤᠨ᠎ᠤ ᠲᠥᠰᠥᠪ᠎ᠦᠨ ᠰᠠᠯᠠᠭ᠎ᠠ ᠮᠥᠴᠢᠷ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ ᠪᠠ ᠠᠵᠢᠯ᠎ᠤᠨ ᠵᠣᠬᠢᠴᠠᠭᠤᠯᠭ᠎ᠠ᠎ᠶᠢ ᠬᠦᠴᠦᠯᠡᠨ ᠴᠢᠩᠭᠠᠳᠬᠠᠵᠤ᠂ ᠠᠵᠢᠯ᠎ᠤᠨ ᠲᠣᠭᠲᠠᠴᠠ᠎ᠶᠢ ᠪᠦᠷᠢᠨᠰᠢᠭᠦᠯᠦᠨ᠂ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭ᠍ᠵᠢᠭᠤᠯᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠭᠡᠷ ᠢᠷᠡᠵᠡᠢ᠃ ᠰᠠᠯᠠᠭ᠎ᠠ ᠮᠥᠴᠢᠷ᠎ᠦᠨ ᠲᠥᠰᠥᠪ᠎ᠦᠨ ᠭᠦᠢᠴᠡᠳᠬᠡᠯ ᠪᠠ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠡᠳ᠋᠎ᠦᠨ ᠶᠠᠪᠤᠳᠠᠯ᠎ᠤᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠬᠤ ᠠᠵᠢᠯ᠎ᠤᠨ ᠳᠤᠮᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠨᠠᠷᠢᠨ ᠨᠢᠮᠪᠠᠢ ᠵᠣᠬᠢᠶᠠᠨ ᠪᠠᠢᠭᠤᠯᠤᠨ᠂ ᠯᠠᠪᠳᠠᠭᠤᠨ ᠪᠠᠲᠤᠲᠠᠢ ᠠᠬᠢᠭᠤᠯᠵᠤ᠂ ᠲᠣᠭ᠎ᠠ ᠪᠠᠷᠢᠮᠲᠠ᠎ᠶᠢᠨ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ᠂ ᠴᠢᠨᠠᠷ ᠰᠠᠢᠲᠠᠢ ᠨᠠᠢᠷᠠᠭᠤᠯᠤᠨ ᠮᠡᠳᠡᠭᠦᠯᠬᠦ ᠡᠭᠦᠷᠭᠡ᠎ᠪᠡᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠵᠤ᠂ ᠠᠵᠢᠯ᠎ᠢᠶᠠᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠦᠨ ᠡᠮᠦᠨ᠎ᠡ ᠡᠩᠨᠡᠭᠡᠨ᠎ᠳᠦ ᠶᠠᠪᠤᠭᠳᠠᠭᠤᠯᠪᠠ᠃
ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠦᠷᠬᠦᠯᠵᠢᠯᠡᠨ ᠴᠢᠷᠮᠠᠢᠵᠤ᠂ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠦᠨ᠂ ᠡᠳ᠋᠎ᠦᠨ ᠶᠠᠪᠤᠳᠠᠯ᠎ᠤᠨ ᠮᠡᠳᠡᠭᠡ ᠵᠠᠩᠭᠢ᠎ᠶᠢᠨ ᠶᠠᠰᠤ ᠴᠢᠨᠠᠷ ᠪᠠ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠨᠠᠩ ᠪᠠᠲᠤ ᠴᠢᠩᠭ᠎ᠠ ᠡᠳ᠋᠎ᠦᠨ ᠶᠠᠪᠤᠳᠠᠯ᠎ᠤᠨ ᠪᠠᠲᠤᠯᠠᠭ᠎ᠠ ᠪᠠ ᠦᠢᠯᠡᠴᠢᠯᠡᠭᠡᠨ᠎ᠦ ᠲᠤᠯᠭᠠᠭᠤᠷᠢᠯᠠᠯ ᠬᠠᠩᠭᠠᠨ᠎ᠠ᠃