12 ᠰᠠᠷ᠎ᠠ᠎ᠶᠢᠨ 18᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠴᠢᠬᠤᠯᠠ ᠶᠡᠬᠡ ᠤᠰᠤ ᠲᠠᠲᠠᠬᠤ ᠪᠠ ᠤᠰᠤ ᠲᠣᠬᠢᠷᠠᠭᠤᠯᠬᠤ ᠢᠨᠵᠧᠨᠧᠷᠢᠩ᠎ᠦᠨ ᠤᠰᠤ ᠬᠦᠯᠢᠶᠡᠨ ᠠᠪᠬᠤ ᠣᠷᠣᠨ᠎ᠤ ᠤᠰᠤ ᠠᠷᠪᠢᠯᠠᠬᠤ ᠠᠵᠢᠯ᠎ᠢ ᠰᠤᠳᠤᠯᠪᠠ᠃
ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠣᠯᠣᠨ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ 《 ᠤᠷᠢᠳ᠎ᠢᠶᠠᠷ ᠤᠰᠤ ᠠᠷᠪᠢᠯᠠᠵᠤ ᠲᠠᠷᠠᠭ᠎ᠠ ᠨᠢ ᠤᠰᠤ ᠲᠠᠲᠠᠬᠤ 》᠎ᠶᠢ ᠪᠠᠷᠢᠮᠲᠠᠯᠠᠨ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠰᠤ ᠠᠷᠪᠢᠯᠠᠬᠤ᠎ᠶᠢ ᠤᠰᠤ ᠭᠥᠯᠢᠶᠡᠨ ᠠᠪᠬᠤ ᠣᠷᠣᠨ᠎ᠤ ᠦᠨᠳᠦᠰᠦᠨ ᠭᠠᠷᠬᠤ ᠵᠠᠮ ᠪᠣᠯᠭᠠᠵᠤ᠂ ᠤᠰᠤ ᠠᠷᠪᠢᠯᠠᠬᠤ ᠠᠵᠢᠯ᠎ᠢ ᠤᠷᠳᠤ ᠬᠤᠭᠤᠴᠠᠭ᠎ᠠ᠎ᠪᠠᠷ ᠭᠦᠨᠵᠡᠭᠡᠢ ᠰᠠᠢᠲᠤᠷ ᠬᠢᠬᠦ ᠬᠡᠷᠡᠭᠲᠡᠢ᠃ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ᠎ᠶᠢᠨ ᠤᠰᠤ ᠬᠡᠷᠡᠭᠯᠡᠬᠦ ᠬᠡᠷᠡᠭᠴᠡᠭᠡ᠎ᠶᠢ ᠨᠢᠭᠡᠳᠦᠯᠲᠡᠢ ᠲᠥᠯᠥᠪᠯᠡᠵᠦ ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠭᠠᠳᠠᠭ᠍ᠰᠢ ᠤᠰᠤ ᠲᠠᠲᠠᠬᠤ ᠂ ᠬᠡᠪ᠎ᠦᠨ ᠪᠤᠰᠤ ᠤᠰᠤ᠎ᠶᠢ ᠨᠢᠭᠡᠳᠦᠯᠲᠡᠢ ᠲᠥᠯᠥᠪᠯᠡᠵᠦ᠂ ᠡᠬᠢ ᠰᠤᠷᠪᠤᠯᠵᠢ᠎ᠶᠢ ᠨᠡᠭᠡᠭᠡᠬᠦ ᠪᠠ ᠤᠷᠤᠰᠬᠠᠯ᠎ᠢ ᠠᠷᠪᠢᠯᠠᠬᠤ᠂ ᠨᠥᠭᠡᠴᠡ᠎ᠶᠢᠨ ᠬᠡᠮᠵᠢᠶ᠎ᠡ ᠪᠠ ᠨᠡᠮᠡᠭᠳᠡᠯ᠎ᠦᠨ ᠬᠡᠮᠵᠢᠶ᠎ᠡ᠂ ᠴᠠᠭ ᠬᠤᠭᠤᠴᠠᠭ᠎ᠠ ᠪᠠ ᠣᠷᠣᠨ ᠵᠠᠢ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠴᠢᠬᠤᠯᠠ ᠶᠡᠬᠡ ᠤᠰᠤ ᠲᠠᠲᠠᠵᠤ ᠲᠣᠬᠢᠷᠠᠭᠤᠯᠬᠤ ᠢᠨᠵᠧᠨᠧᠷᠢᠩ᠎ᠦᠨ ᠬᠡᠪᠴᠢᠶ᠎ᠡ ᠪᠠ ᠪᠠᠢᠷᠢᠰᠢᠯ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠣᠲᠠ ᠪᠠᠯᠭᠠᠰᠤ᠎ᠶᠢᠨ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠳᠦᠷᠢᠮ᠎ᠦᠨ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠦᠬᠦ ᠲᠠᠯ᠎ᠠ᠎ᠪᠠᠷ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠨᠠᠷᠢᠯᠢᠭ᠋ ᠪᠤᠳᠤᠵᠤ ᠰᠠᠢᠲᠤᠷ ᠬᠡᠷᠡᠭᠯᠡᠨ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠨᠢᠮᠪᠠᠢ ᠰᠠᠢᠲᠤᠷ ᠬᠠᠮᠢᠶᠠᠷᠴᠤ᠂ ᠤᠰᠤ ᠬᠦᠯᠢᠶᠡᠨ ᠠᠪᠬᠤ ᠣᠷᠣᠨ᠎ᠤ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠠᠮᠤᠷ ᠲᠦᠪᠰᠢᠨ ᠠᠰᠢᠭ᠍ᠯᠠᠬᠤ ᠬᠢᠷᠢ ᠬᠡᠮᠵᠢᠶ᠎ᠡ᠎ᠶᠢ ᠲᠡᠭᠡᠭᠰᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃