12 ᠰᠠᠷ᠎ᠠ᠎ᠶᠢᠨ 18᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠰᠠᠪᠠ ᠭᠠᠵᠠᠷ᠎ᠤᠨ ᠨᠢᠭᠡᠳᠦᠯᠲᠡᠢ ᠵᠠᠰᠠᠯᠲᠠ ᠬᠠᠮᠢᠶᠠᠷᠤᠯᠲᠠ᠎ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃ ᠶᠠᠮᠤᠨ᠎ᠤ ᠤᠳᠤᠷᠢᠳᠤᠯᠭ᠎ᠠ ᠽᠦ᠍ ᠯᠧᠢ ᠮᠢᠩ᠂ ᠸᠠᠩ ᠪᠦᠦ ᠧᠨ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠬᠥᠬᠡᠮᠥ᠋ᠷᠡᠨ᠎ᠦ ᠵᠥᠪᠯᠡᠯ᠂ ᠬᠠᠲᠤᠨ ᠭᠣᠣᠯ᠎ᠤᠨ ᠵᠥᠪᠯᠡᠯ᠂ ᠬᠤᠸᠠᠢ ᠾᠧ ᠭᠣᠣᠯ᠎ᠤᠨ ᠵᠥᠪᠯᠡᠯ᠂ ᠬᠠᠢ ᠾᠧ ᠭᠣᠣᠯ᠎ᠤᠨ ᠵᠥᠪᠯᠡᠯ᠂ ᠵᠦᠵᠢᠶᠠᠩ ᠮᠥᠷᠡᠨ᠎ᠦ ᠵᠥᠪᠯᠡᠯ᠂ ᠰᠤᠩᠭᠠᠷᠠᠢ ᠮᠥᠷᠡᠨ ᠯᠢᠶᠣᠤᠾᠧ ᠭᠣᠣᠯ᠎ᠤᠨ ᠵᠥᠪᠯᠡᠯ ᠂ ᠲᠠᠢ ᠬᠤ᠌ ᠨᠠᠭᠤᠷ᠎ᠤᠨ ᠲᠣᠪᠴᠢᠶ᠎ᠠ ᠵᠡᠷᠭᠡ 7 ᠰᠠᠪᠠ ᠭᠠᠵᠠᠷ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠬᠠᠷᠢᠭᠤᠴᠠᠯᠭᠠᠲᠠᠨ ᠨᠥᠬᠥᠳ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ ᠰᠠᠪᠠ ᠭᠠᠵᠠᠷ᠎ᠢ ᠨᠢᠭᠡᠳᠦᠯᠲᠡᠢ ᠵᠠᠰᠠᠵᠤ ᠬᠠᠮᠢᠶᠠᠷᠬᠤ ᠠᠵᠢᠯ᠎ᠤᠨ ᠠᠬᠢᠴᠠ᠎ᠶᠢᠨ ᠪᠠᠢᠳᠠᠯ ᠪᠠ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠤ ᠰᠠᠪᠠ ᠭᠠᠵᠠᠷ᠎ᠢ ᠨᠢᠭᠡᠳᠦᠯᠲᠡᠢ ᠵᠠᠰᠠᠵᠤ ᠬᠠᠮᠢᠶᠠᠷᠬᠤ᠎ᠶᠢ ᠭᠦᠨᠵᠡᠭᠡᠢ ᠲᠦᠯᠬᠢᠨ ᠠᠬᠢᠭᠤᠯᠬᠤ ᠠᠵᠢᠯ᠎ᠤᠨ ᠲᠥᠯᠥᠪᠯᠡᠭᠡ᠎ᠪᠡᠨ ᠬᠠᠷᠢᠭᠤ ᠮᠡᠳᠡᠭᠦᠯᠦᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠤᠭᠰᠠᠨ ᠪᠠᠢᠨ᠎ᠠ᠃
ᠯᠢ ᠭᠦᠸᠧ ᠶᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠤᠱᠠᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠤᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠭᠣᠣᠯ ᠮᠥᠷᠡᠨ᠎ᠦ ᠬᠠᠮᠠᠭᠠᠯᠠᠯᠲᠠ ᠵᠠᠰᠠᠯᠲᠠ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠬᠠᠷᠠᠯᠲᠠ᠎ᠶᠢ ᠪᠠᠲᠤᠯᠠᠵᠤ᠂ ᠤᠰᠤ ᠵᠠᠰᠠᠬᠤ ᠵᠢᠮ᠎ᠡ ᠶᠣᠰᠣ᠌᠎ᠶᠢ ᠣᠨᠣᠪᠴᠢᠲᠠᠢ ᠡᠵᠡᠮᠳᠡᠵᠦ᠂ ᠰᠠᠪᠠ ᠭᠠᠵᠠᠷ᠎ᠤᠨ ᠦᠵᠡᠯᠲᠡ᠂ ᠰᠠᠪᠠ ᠭᠠᠵᠠᠷ᠎ᠤᠨ ᠰᠡᠳᠬᠢᠬᠦᠢ᠂ ᠰᠠᠪᠠ ᠭᠠᠵᠠᠷ᠎ᠤᠨ ᠵᠣᠭᠰᠣᠯᠲᠠ᠎ᠶᠢ ᠴᠢᠩᠭᠠᠳᠬᠠᠵᠤ᠂ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠵᠠᠰᠠᠬᠤ᠂ ᠨᠢᠭᠡᠳᠦᠯᠲᠡᠢ ᠲᠣᠬᠢᠷᠠᠭᠤᠯᠬᠤ᠂ ᠨᠢᠭᠡᠳᠦᠯᠲᠡᠢ ᠬᠠᠮᠢᠶᠠᠷᠬᠤ᠎ᠳᠤ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠠᠮᠤᠷ ᠲᠦᠪᠰᠢᠨ ᠭᠣᠣᠯ ᠮᠥᠷᠡᠨ᠂ ᠠᠮᠢ ᠨᠠᠰᠤᠨ᠎ᠤ ᠭᠣᠣᠯ ᠮᠥᠷᠡᠨ᠂ ᠵᠣᠯ ᠵᠢᠷᠭᠠᠯᠲᠤ ᠭᠣᠣᠯ ᠮᠥᠷᠡᠨ᠎ᠢ ᠴᠢᠷᠮᠠᠢᠨ ᠪᠦᠲᠦᠭᠡᠨ ᠪᠠᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠭᠦᠸᠧ ᠶᠢᠩ᠂ ᠤᠯᠤᠰ ᠲᠥᠷᠥ᠎ᠶᠢᠨ ᠲᠠᠯ᠎ᠠ᠎ᠪᠠᠷ ᠪᠠᠷᠢᠮᠵᠢᠶ᠎ᠠ ᠲᠣᠭᠲᠠᠭᠠᠬᠤ ᠂ ᠰᠡᠳᠬᠢᠴᠡ᠎ᠶᠢᠨ ᠲᠠᠯ᠎ᠠ᠎ᠪᠠᠷ ᠪᠠᠷᠢᠮᠵᠢᠶ᠎ᠠ ᠲᠣᠭᠲᠠᠭᠠᠬᠤ᠂ ᠡᠭᠦᠷᠭᠡ᠎ᠶᠢᠨ ᠲᠠᠯ᠎ᠠ᠎ᠪᠠᠷ ᠪᠠᠷᠢᠮᠵᠢᠶ᠎ᠠ ᠲᠣᠭᠲᠠᠭᠠᠬᠤ ᠠᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠂ ᠬᠣᠯᠪᠣᠭᠳᠠᠯ ᠪᠦᠬᠦᠢ ᠴᠢᠬᠤᠯᠠ ᠲᠥᠯᠦᠪᠵᠢᠭᠦᠯᠭᠡ᠎ᠳᠦ ᠲᠣᠭᠲᠠᠭᠠᠭᠰᠠᠨ ᠡᠭᠦᠷᠭᠡ᠎ᠶᠢ ᠪᠦᠬᠦ ᠲᠠᠯ᠎ᠠ ᠪᠠᠷ ᠡᠮᠬᠢᠯᠡᠨ ᠳᠢᠭᠯᠡᠵᠦ ᠂ ᠬᠠᠷᠠᠯᠲᠠ᠎ᠪᠠᠨ ᠤᠯᠠᠮ ᠨᠢᠭᠡ ᠠᠯᠬᠤᠮ ᠲᠣᠳᠣᠷᠬᠠᠢᠯᠠᠵᠤ ᠂ ᠰᠡᠳᠬᠢᠴᠡ᠎ᠪᠡᠨ ᠲᠣᠳᠣᠷᠬᠠᠢ ᠪᠣᠯᠭᠠᠵᠤ᠂ ᠠᠷᠭ᠎ᠠ ᠵᠠᠮ᠎ᠢᠶᠠᠨ ᠣᠨᠣᠪᠴᠢᠲᠠᠶ ᠰᠣᠩᠭᠣᠵᠤ᠂ ᠠᠷᠭ᠎ᠠ ᠬᠡᠮᠵᠢᠶ᠎ᠡ᠎ᠪᠡᠨ ᠨᠠᠢᠳᠠᠪᠤᠷᠢᠵᠢᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠰᠠᠪᠠ ᠭᠠᠵᠠᠷ᠎ᠤᠨ ᠤᠰᠤᠨ ᠠᠰᠢᠭ᠍ᠯᠠᠯᠲᠠ᠎ᠶᠢᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠵᠦ᠂ ᠰᠠᠪᠠ ᠭᠠᠵᠠᠷ᠎ᠤᠨ ᠪᠦᠬᠦ ᠲᠠᠯ᠎ᠠ ᠪᠠ ᠠᠯᠤᠰ ᠬᠡᠳᠦ᠎ᠳᠦ ᠬᠣᠯᠪᠣᠭᠳᠠᠬᠤ ᠤᠰᠤᠨ ᠠᠰᠢᠭ᠍ᠯᠠᠯᠲᠠ᠎ᠶᠢᠨ ᠲᠥᠯᠦᠪᠵᠢᠭᠦᠯᠭᠡ᠂ ᠤᠰᠤᠨ ᠠᠰᠢᠭ᠍ᠯᠠᠯᠲᠠ᠎ᠶᠢᠨ ᠲᠦᠷᠦ᠎ᠶᠢᠨ ᠪᠣᠳᠣᠯᠭ᠎ᠠ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠂ ᠤᠰᠤᠨ ᠠᠰᠢᠭ᠍ᠯᠠᠯᠲᠠ᠎ᠶᠢᠨ ᠲᠥᠷᠥᠯ ᠵᠦᠢᠯᠡᠰ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠶᠡᠬᠡᠪᠡᠷ ᠲᠦᠯᠬᠢᠨ ᠠᠬᠢᠭᠤᠯᠵᠤ᠂ ᠰᠠᠪᠠ ᠭᠠᠵᠠᠷ᠎ᠤᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠵᠤ᠂ ᠰᠠᠪᠠ ᠭᠠᠵᠠᠷ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠱᠠᠭᠠᠷᠳᠠᠪᠠ᠃
ᠶᠠᠮᠤᠨ᠎ᠤ ᠶᠡᠷᠦᠩᠬᠡᠢ ᠢᠨᠵᠧᠨᠧᠷ ᠶᠡᠷᠦᠩᠬᠡᠢ ᠲᠥᠰᠥᠪᠯᠡᠭᠴᠢ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠂ ᠬᠣᠯᠪᠣᠭᠳᠠᠯ ᠪᠦᠬᠦᠢ ᠰᠢᠭᠤᠳ ᠬᠠᠷᠢᠶ᠎ᠠ ᠨᠢᠭᠡᠴᠢ᠎ᠶᠢᠨ ᠬᠠᠷᠢᠭᠤᠴᠠᠯᠭᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃