9 ᠰᠠᠷ᠎ᠠ᠎ᠶᠢᠨ 12᠎ᠤᠨ ᠡᠳᠦᠷ᠂ ᠭᠠᠰᠢᠭᠤᠨ ᠨᠠᠭᠤᠷ᠎ᠤᠨ ᠬᠣᠲᠣᠭᠣᠷ᠎ᠤᠨ ᠲᠣᠭᠣᠷᠢᠭ᠋᠎ᠤᠨ ᠪᠠᠭ᠎ᠠ ᠨᠠᠭᠤᠷ ( ᠰᠢᠶᠤᠤ ᠬᠠᠢ ᠽᠢ )᠎ᠲᠦ ᠤᠰᠤ ᠢᠷᠡᠵᠦ᠂ ᠠᠮᠢᠵᠢᠷᠠᠯ᠎ᠤᠨ ᠬᠦᠴᠦᠨ᠎ᠢᠶᠡᠨ ᠰᠡᠷᠭᠦᠭᠡᠪᠡ ︱ ᠡᠨᠡ ᠪᠣᠯ ᠤᠢ᠍ᠢᠷ᠎ᠠ᠎ᠶᠢᠨ ᠲᠠᠪᠤᠨ ᠵᠢᠯ᠎ᠦᠨ ᠲᠤᠷᠰᠢ ᠭᠠᠰᠢᠭᠤᠨ ᠨᠠᠭᠤᠷ᠎ᠤᠨ ᠪᠠᠭ᠎ᠠ ᠨᠠᠭᠤᠷ᠎ᠲᠤ ᠠᠩᠬ᠎ᠠ ᠤᠳᠠᠭ᠎ᠠ ᠤᠰᠤ ᠢᠷᠡᠵᠦ ᠪᠠᠶ᠋ᠢᠭ᠎ᠠ ᠶᠠᠪᠤᠳᠠᠯ ᠪᠣᠯᠤᠨ᠎ᠠ᠃
ᠡᠵᠡᠨ᠎ᠡ ᠭᠣᠣᠯ ᠪᠣᠯ ᠮᠠᠨ᠎ᠤ ᠤᠯᠤᠰ᠎ᠤᠨ ᠬᠣᠶᠠᠳᠤᠭᠠᠷ ᠶᠡᠬᠡ ᠳᠣᠲᠣᠭᠠᠳᠤ ᠬᠠᠭᠤᠷᠠᠶ᠎ᠶᠢᠨ ᠭᠣᠣᠯ ᠪᠣᠯᠤᠨ᠎ᠠ᠂ ᠬᠥᠬᠡᠨᠠᠭᠤᠷ᠂ ᠭᠠᠨᠰᠦ᠂ ᠥᠪᠥᠷ ᠮᠣᠩᠭᠣᠯ ᠭᠤᠷᠪᠠᠨ ᠮᠤᠵᠢ ᠣᠷᠣᠨ᠎ᠢᠶᠠᠷ ᠤᠷᠤᠰ᠎ᠤᠨ ᠥᠩᠭᠡᠷᠡᠵᠦ᠂ ᠡᠴᠦᠰ᠎ᠲᠡᠬᠡᠨ ᠪᠠᠳᠠᠶ᠎ᠶᠢᠨ ᠵᠢᠷᠠᠨ᠎ᠤ ᠡᠯᠡᠰᠦᠨ ᠴᠥᠯ᠎ᠦᠨ ᠪᠠᠷᠠᠭᠤᠨ ᠬᠣᠶ᠋ᠢᠲᠤ ᠵᠠᠬ᠎ᠠ᠎ᠶᠢᠨ ᠬᠣᠶᠠᠷ ᠬᠡᠰᠡᠭ ᠭᠣᠪᠢ᠎ᠶᠢᠨ ᠬᠣᠲᠣᠭᠣᠷ ᠭᠠᠵᠠᠷ᠎ᠲᠤ ᠨᠡᠶ᠋ᠢᠯᠡᠨ ᠣᠷᠣᠵᠤ ᠵᠡᠭᠦᠨ᠂ ᠪᠠᠷᠠᠭᠤᠨ ᠬᠣᠶᠠᠷ ᠶᠡᠬᠡ ᠨᠠᠭᠤᠷ ᠪᠣᠯᠵᠤ ᠪᠦᠷᠢᠯᠳᠦᠭᠰᠡᠨ ᠪᠠᠶ᠋ᠢᠨ᠎ᠠ᠂ ᠡᠭᠦᠨ᠎ᠢ ᠶᠡᠷᠦᠩᠬᠡᠶ ᠳ᠋ᠦ᠍ᠨᠢ ᠰᠤᠪᠠᠨᠠᠭᠤᠷ ᠭᠡᠳᠡᠭ᠃ ᠡᠵᠡᠨ᠎ᠡ ᠭᠣᠣᠯ᠎ᠤᠨ ᠰᠠᠪᠠ ᠭᠠᠵᠠᠷ ᠪᠣᠯ ᠮᠠᠨ᠎ᠤ ᠤᠯᠤᠰ᠎ᠤᠨ ᠪᠠᠷᠠᠭᠤᠨ ᠬᠣᠶ᠋ᠢᠲᠤ ᠣᠷᠣᠨ᠎ᠤ ᠴᠢᠬᠤᠯᠠ ᠠᠮᠢ ᠠᠬᠤᠶ᠎ᠶᠢᠨ ᠬᠠᠯᠬᠠᠪᠴᠢ ᠪᠠ ᠡᠯᠡᠰᠦ᠎ᠶᠢ ᠰᠡᠷᠭᠡᠶ᠋ᠢᠯᠡᠨ ᠡᠯᠡᠰᠦ᠎ᠶᠢ ᠵᠠᠰᠠᠬᠤ ᠭᠣᠣᠯ ᠳᠠᠢ᠍ᠢᠨ᠎ᠦ ᠲᠠᠯᠠᠪᠤᠷ ᠮᠥᠨ᠂ ᠲᠡᠷᠡ ᠨᠢ ᠭᠣᠣᠯ ᠮᠥᠷᠡᠨ᠎ᠦ ᠠᠮᠢ ᠨᠠᠰᠤ᠎ᠶᠢ ᠰᠡᠷᠭᠦᠭᠡᠵᠦ᠂ ᠰᠠᠪᠠ ᠭᠠᠵᠠᠷ᠎ᠤᠨ ᠠᠮᠢᠵᠢᠷᠠᠯ᠎ᠤᠨ ᠬᠦᠴᠦᠨ᠎ᠢ ᠳᠠᠬᠢᠨ ᠢᠯᠡᠷᠡᠭᠦᠯᠬᠦ᠎ᠳᠦ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ 2000 ᠣᠨ᠎ᠠᠴᠠ ᠡᠬᠢᠯᠡᠨ ᠡᠵᠡᠨ᠎ᠡ ᠭᠣᠥᠯ᠎ᠤᠨ ᠭᠣᠥᠯ ᠤᠷᠤᠰᠬᠠᠯ᠎ᠤᠨ ᠤᠰᠤᠨ᠎ᠤ ᠬᠡᠮᠵᠢᠶ᠎ᠡ᠎ᠶᠢ ᠨᠢᠭᠡᠳᠦᠯᠲᠡᠶ ᠲᠣᠬᠢᠷᠠᠭᠤᠯᠬᠤ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ ᠡᠯ᠎ᠡ ᠬᠣᠯᠪᠣᠭᠳᠠᠯ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ᠎ᠲᠠᠢ ᠬᠠᠮᠵᠢᠯᠴᠠᠨ ᠠᠮᠢ ᠠᠬᠤᠶ᠎ᠶᠢ ᠲᠡᠷᠢᠭᠦᠨ᠎ᠳᠦ ᠲᠠᠯᠪᠢᠵᠤ᠂ ᠪᠣᠬᠢᠷᠲᠤᠯ ᠥᠬᠡᠶ ᠬᠦᠭᠵᠢᠯᠳᠡ᠎ᠶᠢᠨ ᠣᠨᠣᠯᠵᠢᠬᠤᠨ᠎ᠢ ᠪᠠᠲᠤ ᠪᠠᠬᠢ ᠪᠣᠶ ᠪᠣᠯᠭᠠᠵᠤ᠂ ᠡᠵᠡᠨ᠎ᠡ ᠭᠣᠥᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠶ᠎ᠶᠢ ᠬᠠᠮᠠᠭᠠᠯᠠᠨ ᠵᠠᠰᠠᠬᠤ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠡᠵᠡᠨ᠎ᠡ ᠭᠣᠥᠯ᠎ᠤᠨ ᠰᠤᠪᠠᠨᠠᠭᠤᠷ 21 ᠵᠢᠯ ᠳᠠᠷᠠᠭᠠᠯᠠᠨ ᠬᠠᠳᠠᠭᠰᠠᠨ ᠥᠬᠡᠶ ᠴᠢᠬᠤᠯᠠ ᠦᠷ᠎ᠡ ᠪᠦᠲᠦᠮᠵᠢ᠎ᠶᠢ ᠣᠯᠤᠭᠰᠠᠨ ᠪᠠᠶ᠋ᠢᠨ᠎ᠠ᠃ ᠡᠨᠡ ᠵᠢᠯ᠂ ᠡᠩ᠎ᠦᠨ ᠲᠣᠬᠢᠷᠠᠭᠤᠯᠤᠯᠲᠠ᠎ᠶᠢᠨ ᠬᠤᠭᠤᠴᠠᠭᠠᠨ᠎ᠳᠤ 5 ᠳ᠋ᠤᠭᠠᠷ ᠰᠠᠷ᠎ᠠ᠎ᠶᠢᠨ ᠠᠮᠢ ᠠᠬᠤᠶ᠎ᠶᠢᠨ ᠤᠰᠤ ᠨᠥᠬᠥᠪᠥᠷᠢᠯᠡᠭᠰᠡᠨ ᠰᠠᠭᠤᠷᠢᠨ ᠳᠡᠭᠡᠷ᠎ᠡ᠂ ᠠᠰᠢᠭᠲᠠᠶ ᠪᠠᠶ᠋ᠢᠳᠠᠯ᠎ᠢ ᠠᠮᠵᠢᠨ ᠤᠷᠤᠭᠰᠢᠯᠠᠵᠤ᠂ ᠡᠵᠡᠨ᠎ᠡ ᠭᠣᠥᠯ᠎ᠤᠨ ᠭᠣᠥᠯ ᠤᠷᠤᠰᠬᠠᠯ᠎ᠤᠨ 9 ︱ 11 ᠳ᠋ᠦ᠍ᠭᠡᠷ ᠰᠠᠷ᠎ᠠ᠎ᠳᠤ ᠵᠠᠯᠭᠠᠭ᠎ᠠ᠎ᠪᠠᠷ ᠳᠣᠭᠢᠷᠠᠭᠤᠯᠬᠤ ᠲᠣᠬᠢᠶᠠᠯ᠎ᠢ ᠴᠢᠩᠭ᠎ᠠ ᠠᠳᠬᠤᠨ᠂ ᠰᠢᠨᠵᠢᠯᠡᠬᠦ ᠤᠬᠠᠭᠠᠨᠴᠢ᠎ᠪᠠᠷ ᠳᠣᠭᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠡᠵᠡᠨ᠎ᠡ ᠭᠣᠥᠯ᠎ᠤᠨ ᠠᠮᠢ ᠠᠬᠤᠶ᠎ᠶᠢᠨ ᠬᠡᠷᠡᠭᠯᠡᠬᠦ ᠤᠰᠤ᠎ᠶᠢ ᠵᠦᠶ ᠵᠣᠬᠢᠰᠲᠠᠶ ᠳᠣᠭᠢᠷᠠᠭᠤᠯᠤᠨ᠂ ᠪᠠᠷᠠᠭᠤᠨ ᠭᠣᠥᠯ᠎ᠢᠶᠠᠷ ᠳᠡᠮᠵᠢᠨ ᠭᠠᠰᠢᠭᠤᠨ ᠨᠠᠭᠤᠷ᠎ᠤᠨ ᠠᠮᠢ ᠠᠬᠤᠶ᠎ᠶᠢᠨ ᠬᠡᠪᠡᠷᠡᠭ ᠣᠷᠣᠨ᠎ᠳᠤ ᠤᠰᠤ ᠬᠦᠷᠭᠡᠵᠡᠢ᠃ ᠬᠠᠮᠤᠭ᠎ᠤᠨ ᠰᠢᠨ᠎ᠡ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠲᠣᠰ ᠵᠢᠯ᠎ᠦᠨ ᠡᠵᠡᠨ᠎ᠡ ᠭᠣᠥᠯ᠎ᠤᠨ ᠤᠰᠤ ᠲᠠᠲᠠᠬᠤ ᠯᠠᠩ ᠰᠢᠨ ᠱᠠᠨ ( ᠪᠠᠷᠠᠭᠤᠨ ᠭᠣᠥᠯ )᠎ᠤ ᠣᠭᠲᠣᠯᠤᠭᠠᠰᠤ᠎ᠶᠢᠨ ᠤᠰᠤᠨ᠎ᠤ ᠬᠡᠮᠵᠢᠶ᠎ᠡ ᠨᠡᠶ᠋ᠢᠲᠡ 1.8 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠂ ᠭᠠᠰᠢᠭᠤᠨ ᠨᠠᠭᠤᠷ᠎ᠤᠨ ᠤᠰᠤᠨ ᠤᠭᠳᠤᠯᠤᠭᠠᠰᠤ᠎ᠶᠢᠨ ᠲᠠᠯᠠᠪᠠᠶ 30.7 ᠲᠡᠭᠰᠢ ᠳᠥᠷᠪᠡᠯᠵᠢᠨ ᠺᠢᠯᠣᠮᠧᠲ᠋ᠷ᠎ᠲᠦ ᠬᠦᠷᠴᠡᠶ᠃ 9 ᠰᠠᠷ᠎ᠠ᠎ᠶᠢᠨ 12᠎ᠤᠨ ᠡᠳᠦᠷ᠂ ᠭᠠᠰᠢᠭᠤᠨ ᠨᠠᠭᠤᠷ᠎ᠤᠨ ᠬᠣᠲᠣᠭᠣᠷ᠎ᠤᠨ ᠪᠠᠭ᠎ᠠ ᠨᠠᠭᠤᠷ ( ᠰᠢᠶᠤᠤ ᠬᠠᠶ ᠽᠢ )᠎ᠲᠤ ᠡᠵᠡᠨ᠎ᠡ ᠭᠣᠥᠯ᠎ᠤᠨ ᠤᠰᠤ᠎ᠶᠢ ᠠᠮᠵᠢᠯᠲᠠ᠎ᠲᠠᠶ ᠨᠥᠬᠥᠪᠥᠷᠢᠯᠡᠵᠦ᠂ ᠣᠷᠣᠨ ᠪᠦᠰᠡ᠎ᠶᠢᠨ ᠠᠮᠢ ᠠᠬᠤᠶ᠎ᠶᠢᠨ ᠰᠠᠶ᠋ᠢᠵᠢᠷᠠᠯᠲᠠ᠎ᠳᠤ ᠰᠢᠨ᠎ᠡ ᠠᠮᠢᠵᠢᠷᠠᠯ᠎ᠤᠨ ᠬᠦᠴᠦᠨ᠎ᠢ ᠠᠪᠴᠢᠷᠠᠪᠠ᠃