ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ 2025 ᠣᠨ᠎ᠤ ᠨᠠᠮᠤᠷ᠎ᠤᠨ ᠤᠰᠤᠯᠠᠯᠲᠠ᠎ᠶᠢᠨ ᠠᠵᠢᠯ 10 ᠰᠠᠷ᠎ᠠ᠎ᠶᠢᠨ 15᠎ᠤ ᠡᠳᠦᠷ᠎ᠡᠴᠡ ᠡᠬᠢᠯᠡᠵᠦ᠂ 11 ᠰᠠᠷ᠎ᠠ᠎ᠶᠢᠨ 15᠎ᠤ ᠡᠳᠦᠷ ᠳᠠᠭᠤᠰᠴᠤ᠂ 32 ᠡᠳᠦᠷ ᠤᠰᠤ ᠲᠠᠲᠠᠵᠤ᠂ ᠨᠢᠳᠤᠨᠤᠨ᠎ᠤ ᠬᠢ᠎ᠡᠴᠡ 5 ᠡᠳᠦᠷ ᠪᠣᠭᠣᠨᠢᠰᠪᠠ᠃ ᠠᠩᠬ᠎ᠠ ᠠᠯᠬᠤᠮ᠎ᠤᠨ ᠪᠦᠷᠢᠳᠬᠡᠯ᠎ᠢ ᠦᠨᠳᠦᠰᠦᠯᠡᠪᠡᠯ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠨᠠᠮᠤᠷ᠎ᠤᠨ ᠤᠰᠤᠯᠠᠯᠲᠠ᠎ᠳᠤ ᠪᠠᠷᠤᠭ 9.48 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠵᠠᠷᠤᠴᠠᠭᠤᠯᠵᠤ᠂ 9.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠲᠥᠯᠥᠪᠯᠡᠭᠡ᠎ᠶᠢᠨ ᠭᠦᠢᠴᠡᠳᠬᠡᠯ ᠲᠣᠭ᠎ᠠ᠎ᠶᠢᠨ ᠳᠣᠲᠣᠷ᠎ᠠ ᠴᠢᠩᠭ᠎ᠠ ᠬᠢᠵᠠᠭᠠᠷᠯᠠᠵᠤ᠂ 439 ᠲᠦᠮᠡᠨ ᠮᠦ᠍᠎ᠶᠢᠨ ᠨᠠᠮᠤᠷ᠎ᠤᠨ ᠤᠰᠤᠯᠠᠯᠲᠠ᠎ᠶᠢᠨ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ 《 ᠶᠡᠬᠡ ᠤᠰᠤᠨ᠎ᠤ ᠨᠡᠯᠦᠩᠬᠡᠢ ᠤᠰᠤᠯᠠᠯᠲᠠ 》᠎ᠶᠢᠨ ᠠᠰᠠᠭᠤᠳᠠᠯ᠎ᠢ ᠪᠦᠬᠦ ᠬᠦᠴᠦᠨ᠎ᠢᠶᠡᠷ᠎ᠢᠶᠡᠨ ᠰᠢᠢᠳᠪᠦᠷᠢᠯᠡᠬᠦ ᠪᠠ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠨᠠᠮᠤᠷ᠎ᠤᠨ ᠤᠰᠤᠯᠠᠯᠲᠠ᠎ᠶᠢᠨ ᠠᠵᠢᠯ᠎ᠢ ᠦᠷᠭᠦᠯᠵᠢᠯᠡᠨ ᠰᠠᠢᠲᠤᠷ ᠬᠢᠬᠦ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ 2025 ᠣᠨ᠎ᠤ ᠨᠠᠮᠤᠷ᠎ᠦᠨ ᠤᠰᠤᠯᠠᠯᠲᠠ᠎ᠶᠢᠨ ᠲᠥᠰᠥᠯ᠎ᠢ ᠳᠠᠷᠤᠮᠠᠯᠯᠠᠨ ᠲᠠᠷᠬᠠᠭᠠᠵᠤ᠂ ᠪᠠᠶᠠᠨᠨᠠᠭᠤᠷ ᠬᠣᠲᠠ᠎ᠶᠢ ᠵᠢᠯᠣᠭᠣᠳᠤᠨ ᠣᠨ᠎ᠤ ᠠᠵᠢᠯ᠎ᠤᠨ ᠲᠥᠰᠥᠯ ᠲᠣᠭᠲᠠᠭᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠴᠢᠩᠭ᠎ᠠ ᠬᠠᠮᠢᠶᠠᠷᠤᠨ ᠡᠵᠡᠮᠳᠡᠬᠦ᠎ᠶᠢ ᠬᠡᠷᠡᠭᠵᠢᠭᠦᠯᠵᠦ᠂ 2026 ᠣᠨ᠎ᠤ ᠬᠠᠪᠤᠷ᠎ᠤᠨ ᠬᠤᠷᠢᠶᠠᠯᠲᠠ᠎ᠳᠤ ᠬᠡᠷᠡᠭᠯᠡᠬᠦ ᠤᠰᠤ᠎ᠶᠢ ᠬᠠᠮᠲᠤ ᠳ᠋ᠤᠨᠢ ᠬᠠᠷᠠᠭᠠᠯᠵᠠᠵᠤ ᠂ ᠲᠠᠷᠢᠮᠠᠯ᠎ᠤᠨ ᠪᠦᠲᠦᠴᠡ ᠪᠣᠯᠣᠨ ᠤᠰᠤᠯᠠᠯᠲᠠ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠂ ᠨᠠᠮᠤᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ 《 ᠤᠷᠢᠳ᠎ᠢᠶᠠᠷ ᠳᠣᠣᠷᠠᠳᠤ ᠤᠷᠤᠰᠬᠠᠯ ᠳᠠᠷᠠᠭ᠎ᠠ ᠨᠢ ᠳᠡᠭᠡᠳᠦ ᠤᠷᠤᠰᠬᠠᠯ᠂ ᠤᠷᠤᠰᠬᠠᠯ᠎ᠤᠨ ᠬᠡᠮᠵᠢᠶ᠎ᠡ᠎ᠶᠢ ᠲᠥᠪᠯᠡᠷᠡᠭᠦᠯᠦᠨ ᠡᠭᠡᠯᠵᠢᠯᠡᠨ ᠤᠰᠤᠯᠠᠬᠤ᠂ ᠭᠦᠶᠦᠬᠡᠨ ᠤᠰᠤᠯᠠᠯᠲᠠ᠎ᠪᠠᠷ ᠲᠦᠷᠭᠡᠨ ᠡᠭᠡᠯᠵᠢᠯᠡᠬᠦ᠂ ᠨᠠᠮᠤᠷ᠎ᠤᠨ ᠤᠰᠤᠯᠠᠯᠲᠠ᠎ᠶᠢ ᠵᠦᠷᠢᠶᠡᠵᠢᠬᠦᠯᠦᠭᠰᠡᠨ ᠲᠣᠭᠲᠠᠭᠰᠠᠨ ᠨᠣᠷᠮ᠎ᠠ ᠲᠣᠭᠲᠠᠭᠠᠬᠤ》 ᠠᠷᠭ᠎ᠠ ᠮᠠᠶᠢᠭ᠋᠎ᠢ ᠠᠪᠴᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠨᠠᠮᠤᠷ᠎ᠤᠨ ᠤᠰᠤᠯᠠᠯᠲᠠ᠎ᠳᠤ ᠳᠠᠪᠤᠰᠤ ᠳᠠᠷᠤᠬᠤ᠂ ᠴᠢᠬᠢᠭ᠎ᠢ ᠬᠠᠮᠠᠭᠠᠯᠠᠬᠤ᠎ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠰᠤ ᠬᠣᠷᠣᠭᠳᠠᠭᠤᠯᠬᠤ ᠭᠦᠢᠴᠡᠳᠬᠡᠯ ᠲᠣᠭ᠎ᠠ᠎ᠶᠢ ᠲᠥᠯᠥᠪᠯᠡᠭᠡ᠎ᠶᠢᠨ ᠳᠣᠲᠣᠷ᠎ᠠ ᠪᠠᠢᠯᠭᠠᠬᠤ ᠪᠠ ᠤᠰᠤᠨ ᠰᠤᠪᠠᠭ᠎ᠤᠨ ᠤᠰᠤ ᠶᠠᠪᠤᠭᠤᠯᠬᠤ ᠬᠤᠭᠤᠴᠠᠭ᠎ᠠ᠎ᠶᠢ ᠪᠣᠭᠣᠨᠢᠰᠬᠠᠬᠤ ᠬᠣᠣᠰ ᠬᠠᠷᠠᠯᠲᠠ᠎ᠶᠢ ᠴᠢᠩᠭ᠎ᠠ ᠡᠵᠡᠮᠳᠡᠬᠦ᠎ᠶᠢ ᠪᠡᠶᠡᠯᠡᠭᠦᠯᠵᠡᠢ᠃