3 ᠳ᠋ᠤᠭ᠋ᠠᠷ ᠰᠠᠷ᠎ᠠ ᠵᠢᠨ 22᠎ᠤᠨ ᠡᠳᠦᠷ᠂ ᠭᠤᠴᠢᠨ ᠭᠤᠷᠪᠠᠳᠤᠭ᠋ᠠᠷ ᠬᠤᠭᠤᠴᠠᠭ᠋ᠠᠨ᠎ᠤ 《ᠳᠡᠯᠡᠬᠡᠢ ᠵᠢᠨ ᠤᠰᠤᠨ᠎ᠤ ᠡᠳᠦᠷ》᠂ ᠭᠤᠴᠢᠨ ᠨᠠᠢ᠍ᠮᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》 ᠬᠦᠷᠴᠦ ᠢᠷᠡᠬᠦ ᠲᠠᠰᠢᠷᠠᠮ ᠵᠶ᠋ᠠᠷ᠂ ᠪᠠᠶᠠᠨᠨᠠᠭᠤᠷ ᠬᠤᠳᠠ ᠬᠤᠳᠠ ᠵᠢᠨ ᠬᠠᠮ ᠵᠠᠭᠤᠴᠢᠯᠠᠭᠤᠷ᠎ᠤᠨ ᠲᠥᠪ᠎ᠠᠴᠠ 《ᠤᠰᠤ ᠵᠢ ᠬᠠᠮᠠᠭ᠋ᠠᠯᠠᠵᠤ᠂ ᠤᠰᠤ ᠵᠢ ᠨᠠᠨᠳᠢᠩᠨᠠᠬᠤ — ᠤᠰᠤ ᠠᠷᠪᠢᠯᠠᠬᠤ ᠬᠤᠰᠢᠭᠤᠴᠢ ᠪᠣᠯᠬᠤ᠎ᠪᠠᠷ ᠴᠢᠷᠮᠠᠢ᠌ᠶ᠎ᠠ》 ᠭᠤᠣᠯ ᠰᠡᠳᠦᠪᠲᠦ ᠶᠠᠷᠢᠶᠠᠨ᠎ᠤ ᠤᠷᠤᠯᠳᠤᠭ᠋ᠠᠨ᠎ᠢ ᠡᠷᠬᠢᠯᠡᠪᠡ᠃
ᠤᠷᠤᠯᠳᠤᠭ᠋ᠠᠨ᠎ᠤ ᠶᠠᠪᠤᠴᠠ᠎ᠳᠤ᠂ ᠪᠥᠬᠦ ᠬᠤᠲᠠ ᠵᠢᠨ ᠡᠯ᠎ᠡ ᠬᠤᠰᠢᠭᠤ ᠰᠢᠶᠠᠨ ᠲᠣᠭᠤᠷᠢᠭ᠎ᠠᠴᠠ ᠢᠷᠡᠭᠰᠡᠨ ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠤᠯᠳᠤᠭ᠋ᠠᠨ᠎ᠳᠤ ᠣᠷᠣᠯᠴᠠᠭᠰᠠᠳ ᠶᠠᠷᠢᠶᠠᠨ᠎ᠤ ᠭᠤᠤᠯ ᠰᠡᠳᠦᠪ᠎ᠤᠨ ᠲᠣᠭᠤᠷᠢᠨ᠎ᠳᠤ᠂ ᠳᠡᠷᠭᠡᠳᠡᠬᠢ ᠤᠰᠤ ᠠᠷᠪᠢᠯᠠᠭᠰᠠᠨ᠂ ᠤᠰᠤ ᠬᠠᠮᠠᠭ᠋ᠠᠯᠠᠭᠰᠠᠨ ᠨᠡᠶ᠋ᠢᠲᠡᠯᠢᠭ ᠵᠢᠱ᠌ᠢᠶ᠎ᠡ ᠵᠢ ᠠᠮᠢᠳᠤᠯᠢᠭ ᠵᠶ᠋ᠠᠷ ᠶᠠᠷᠢᠵᠤ᠂ ᠤᠰᠤ ᠠᠷᠪᠢᠯᠠᠬᠤ ᠤᠷᠠᠨ ᠰᠠᠶ᠋ᠢᠬᠠᠨ ᠠᠷᠭ᠎ᠠ ᠵᠢ ᠢᠳᠡᠪᠬᠢᠲᠡᠶ ᠬᠤᠪᠢᠶᠠᠯᠴᠠᠨ᠂ ᠤᠰᠤᠨ᠎ᠤ ᠡᠬᠢ ᠪᠠᠶᠠᠯᠢᠭ᠎ᠢ ᠨᠠᠨᠳᠢᠩᠨᠠᠬᠤ ᠰᠡᠳᠬᠢᠯᠭᠡ᠎ᠪᠠᠨ ᠢᠯᠡᠳᠬᠡᠵᠦ᠂ ᠣᠯᠠᠨ᠎ᠢ ᠳᠤᠰᠤᠯ ᠤᠰᠤ ᠨᠢᠭᠡᠪᠦᠷᠢ ᠵᠢ ᠠᠷᠪᠢᠯᠠᠬᠤ ᠵᠢ ᠤᠷᠢᠶᠠᠯᠠᠪᠠ᠃ ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠡᠮᠵᠢᠨ᠂ ᠤᠷᠤᠯᠳᠤᠭ᠋ᠠᠨ᠎ᠤ ᠡᠴᠦᠰ᠎ᠲᠤ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ ᠰᠢᠯᠭ᠋ᠠᠷᠠᠭᠤᠯᠤᠭᠰᠠᠨ ᠪᠥᠭᠡᠳ ᠠᠬᠤᠢ ᠲᠠᠯᠠᠪᠠᠢ᠎ᠳᠤ ᠱᠠᠩᠨᠠᠯ ᠬᠦᠷᠲᠡᠭᠴᠢ᠎ᠳᠤ ᠱᠠᠩᠨᠠᠯ ᠭᠠᠷᠳᠠᠭᠤᠯᠪᠠ᠃
ᠲᠤᠰ ᠤᠳᠠᠭ᠋ᠠᠨ᠎ᠤ ᠤᠷᠤᠯᠳᠤᠭ᠋ᠠᠨ᠎ᠢ ᠪᠠᠶᠠᠨᠨᠠᠭᠤᠷ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠂ ᠪᠠᠶᠠᠨᠨᠠᠭᠤᠷ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠠᠶᠠᠨᠨᠠᠭᠤᠷ ᠬᠤᠲᠠ ᠵᠢᠨ ᠵᠥᠪᠯᠡᠯ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠪᠠᠶᠠᠨᠨᠠᠭᠤᠷ ᠬᠤᠲᠠ ᠵᠢᠨ ᠠᠵᠢᠯ᠎ᠤᠨ ᠵᠥᠪᠯᠡᠯ ᠬᠠᠮᠵᠢᠯᠴᠠᠨ ᠡᠷᠬᠢᠯᠡᠵᠦ᠂ ᠪᠠᠶᠠᠨᠨᠠᠭᠤᠷ ᠬᠤᠲᠠ ᠵᠢᠨ ᠬᠠᠮ ᠵᠠᠭᠤᠴᠢᠯᠠᠭᠤᠷ᠎ᠤᠨ ᠲᠥᠪ᠎ᠠᠴᠠ ᠳᠠᠭ᠋ᠠᠭ᠋ᠠᠴᠢᠯᠠᠨ ᠡᠷᠬᠢᠯᠡᠵᠦ᠂ ᠡᠭᠦᠨ᠎ᠤ ᠵᠣᠷᠢᠯᠭ᠎ᠠ᠎ᠨᠢ 《ᠪᠠᠭ᠎ᠠ ᠭᠠᠷ᠎ᠨᠢ ᠲᠣᠮᠣ ᠭᠠᠷ ᠵᠶ᠋ᠠᠨ ᠲᠠᠲᠠᠬᠤ》 ᠬᠡᠯᠪᠡᠷᠢ᠎ᠪᠠᠷ ᠳᠠᠮᠵᠢᠭᠤᠯᠤᠨ᠂ ᠤᠰᠤ ᠠᠷᠪᠢᠯᠠᠬᠤ ᠬᠠᠷᠢᠭᠤᠴᠠᠯᠭ᠎ᠠ ᠵᠢ ᠰᠤᠷᠭ᠋ᠠᠭᠤᠯᠢ᠎ᠠᠴᠠ ᠭᠡᠷ ᠪᠦᠯᠢ ᠬᠦᠷᠲᠡᠯ᠎ᠡ ᠦᠷᠭᠦᠯᠵᠢᠯᠡᠭᠦᠯᠵᠦ᠂ ᠲᠠᠬᠢᠨ ᠭᠡᠷ ᠪᠦᠯᠢ᠎ᠠᠴᠠ ᠨᠡᠢ᠌ᠭᠡᠮ ᠬᠦᠷᠲᠡᠯ᠎ᠡ ᠦᠷᠭᠦᠯᠵᠢᠯᠡᠭᠦᠯᠵᠦ᠂ ᠤᠯᠠᠨ ᠨᠡᠶ᠋ᠢᠲᠡ ᠵᠢᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠠᠯ᠎ᠠ᠎ᠪᠠᠷ᠎ᠬᠢ ᠠᠩᠬᠠᠷᠤᠯ ᠪᠠ ᠬᠦᠨᠳᠦᠳᠬᠡᠯ᠎ᠢ ᠬᠥᠭᠵᠢᠭᠡᠵᠦ᠂ ᠤᠰᠤ ᠠᠷᠪᠢᠯᠠᠬᠤ᠂ ᠤᠰᠤ ᠬᠠᠮᠠᠭ᠋ᠠᠯᠠᠬᠤ ᠰᠠᠢ᠌ᠨ ᠰᠠᠢ᠌ᠬᠠᠨ ᠨᠡᠢ᠌ᠭᠡᠮ᠎ᠤᠨ ᠬᠡᠪ ᠰᠤᠷᠲᠠᠯ᠎ᠢ ᠪᠤᠢ ᠪᠣᠯᠭ᠋ᠠᠬᠤ ᠵᠢᠨ ᠲᠥᠯᠥᠭᠡ ᠶᠤᠮ᠃