ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠰᠤ ᠠᠷᠪᠢᠯᠠᠵᠤ ᠤᠰᠤ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠦᠨ ᠡᠬᠡ ᠤᠯᠤᠰ᠎ᠤᠨ ᠤᠮᠠᠷᠠᠲᠤ ᠬᠢᠯᠢ ᠵᠢᠨ ᠬᠥᠮᠥᠨ ᠤᠰᠤᠨ᠎ᠤ ᠡᠶ᠎ᠡ ᠵᠣᠬᠢᠴᠠᠯ᠎ᠲᠠᠢ ᠰᠢᠨ᠎ᠡ ᠬᠠᠭᠤᠳᠠᠰᠤ ᠵᠢ ᠵᠢᠷᠤᠭᠯᠠᠪᠠ
ᠨᠡᠶ᠋ᠢᠲᠡᠯᠡᠭᠰᠡᠨ ᠴᠠᠭ᠄ 2025-04-09

   ᠤᠰᠤ ᠠᠷᠪᠢᠯᠠᠵᠤ ᠤᠰᠤ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠦᠨ ᠡᠬᠡ ᠤᠯᠤᠰ᠎ᠤᠨ ᠤᠮᠠᠷᠠᠲᠤ ᠬᠢᠯᠢ ᠵᠢᠨ ᠬᠥᠮᠥᠨ ᠤᠰᠤᠨ᠎ᠤ ᠡᠶ᠎ᠡ ᠵᠣᠬᠢᠴᠠᠯ᠎ᠲᠠᠢ ᠰᠢᠨ᠎ᠡ ᠬᠠᠭᠤᠳᠠᠰᠤ ᠵᠢ ᠵᠢᠷᠤᠭᠯᠠᠪᠠ

  

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠨᠠᠮ᠎ᠤᠨ ᠬᠤᠷᠢᠶᠠᠨ᠎ᠤ ᠱᠦᠵᠢ   ᠲᠠᠨ ᠬᠤᠸᠠ

  

   ᠨᠤᠨ ᠮᠥᠷᠡᠨ᠎ᠤ ᠤᠰᠤ ᠮᠢᠩᠭ᠋ᠠᠨ ᠭᠠᠵᠠᠷ᠎ᠤᠨ ᠬᠥᠬᠡᠮᠳᠦᠭ ᠤᠰᠤ᠎ᠲᠠᠢ᠂  ᠨᠣᠮᠢᠨ ᠭᠣᠣᠯ ᠲᠦᠮᠡᠨ ᠡᠷᠦᠭᠡ ᠵᠢ ᠤᠮᠳᠠᠯᠠᠨ᠎ᠠ᠃  ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠰᠠᠪᠠ ᠭᠠᠵᠠᠷ᠎ᠤᠨ ᠲᠠᠯᠠᠪᠠᠢ᠎ᠨᠢ 50 ᠲᠡᠭᠰᠢ ᠳᠥᠷᠪᠡᠯᠵᠢᠨ ᠺᠢᠯᠣᠮᠧᠲᠷ᠎ᠠᠴᠠ ᠳᠡᠭᠡᠭᠰᠢ ᠭᠣᠣᠯ ᠮᠥᠷᠡᠨ 65 ᠵᠤᠷᠪᠤᠰ ᠪᠠᠢ᠌ᠵᠦ᠂  ᠡᠲᠡᠭᠡᠷ ᠤᠷᠤᠰᠴᠤ ᠪᠠᠢ᠌ᠭ᠎ᠠ ᠠᠮᠢ ᠨᠠᠰᠤᠨ᠎ᠤ ᠡᠬᠢ ᠰᠤᠷᠪᠤᠯᠵᠢ᠎ᠨᠢ ᠡᠨᠡ ᠬᠦ᠌ ᠨᠤᠲᠤᠭ ᠳᠡᠪᠢᠰᠬᠡᠷ᠎ᠲᠤ ᠮᠤᠷᠤᠯᠵᠠᠨ ᠰᠦᠯᠵᠢᠯᠳᠦᠵᠦ᠂  ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠪᠣᠶ ᠪᠣᠯᠭ᠋ᠠᠵᠤ᠂  ᠠᠭᠤᠯᠠ ᠤᠰᠤᠨ᠎ᠤ ᠦᠵᠡᠰᠬᠦᠯᠡᠩᠲᠦ ᠰᠠᠢ᠌ᠬᠠᠨ᠎ᠢ ᠵᠢᠷᠤᠭᠯᠠᠵᠠᠢ᠃  ᠤᠢ᠍ᠢ᠍ᠷ᠎ᠠ ᠵᠢᠨ ᠵᠢᠯ᠎ᠠᠴᠠ᠂  ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂  ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂  ᠰᠢᠰᠲ᠋ᠧᠮ᠎ᠲᠠᠢ ᠵᠠᠰᠠᠬᠤ᠂  ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠤᠰᠤ᠎ᠪᠠᠷ ᠳᠥᠷᠪᠡᠨ ᠵᠦᠢ᠍ᠯ᠎ᠢ ᠲᠣᠭᠲᠠᠭ᠋ᠠᠬᠤ》 ᠵᠠᠷᠴᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂  ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂  ᠤᠰᠤ ᠠᠷᠪᠢᠯᠠᠬᠤ ᠤᠰᠤ ᠬᠠᠮᠠᠭ᠋ᠠᠯᠠᠬᠤ ᠰᠢᠨ᠎ᠡ ᠬᠠᠷᠢᠭᠤᠯᠲᠠ ᠵᠢᠨ ᠬᠠᠭᠤᠳᠠᠰᠤ᠂  ᠬᠥᠮᠦᠨ ᠤᠰᠤᠨ᠎ᠤ ᠡᠶ᠎ᠡ ᠵᠣᠬᠢᠴᠠᠩᠭᠤᠢ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠪᠡ᠃

   ᠳᠦᠷᠢᠮ᠎ᠤᠨ 《ᠶᠡᠷᠦᠩᠬᠡᠢ ᠨᠡᠭᠡᠭᠡᠯᠭᠡ》 ᠵᠢ ᠰᠠᠢ᠌ᠲᠤᠷ ᠡᠵᠡᠮᠰᠢᠬᠦ ᠬᠡᠷᠡᠭᠲᠡᠢ᠃  ᠬᠤᠰᠢᠭᠤᠨ᠎ᠤ ᠨᠠᠮ᠎ᠤᠨ ᠬᠤᠷᠢᠶ᠎ᠠ ᠥᠨᠳᠥᠷ ᠪᠠᠶ᠋ᠢᠷᠢᠨ᠎ᠳᠤ ᠨᠢᠭᠡᠳᠦᠯᠲᠡᠶ ᠲᠥᠯᠥᠪᠯᠡᠵᠦ᠂  ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠭᠡᠬᠦ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ 《ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂  ᠤᠰᠤᠨ ᠠᠰᠢᠭᠯᠠᠯᠲᠠ ᠵᠢ ᠭᠤᠤᠯᠯᠠᠨ ᠠᠳᠬᠤᠬᠤ᠂  ᠰᠠᠯᠠᠭ᠎ᠠ ᠮᠥᠴᠢᠷ ᠬᠤᠯᠪᠣᠭ᠋ᠠᠯᠠᠨ ᠬᠥᠳᠡᠯᠦᠯᠴᠡᠬᠦ᠂  ᠪᠥᠬᠦ ᠠᠷᠠᠳ ᠵᠶ᠋ᠠᠷ ᠵᠶ᠋ᠠᠨ ᠣᠷᠣᠯᠴᠠᠬᠤ》 ᠲᠣᠭᠲᠠᠴᠠ ᠵᠢ ᠪᠠᠶ᠋ᠢᠭᠤᠯᠤᠨ᠂  ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂  ᠤᠰᠤ ᠠᠷᠪᠢᠯᠠᠬᠤ ᠠᠵᠢᠯ᠎ᠤᠨ 《ᠨᠢᠭᠡ ᠬᠥᠯᠭᠡ ᠰᠢᠲᠠᠷ᠎ᠠ》 ᠵᠢ ᠪᠦᠷᠢᠯᠳᠦᠭᠦᠯᠦᠨ᠎ᠡ᠃ 《ᠮᠣᠷᠢᠨᠳᠠᠪᠠᠭ᠎ᠠ ᠬᠤᠰᠢᠭᠤ ᠰᠢᠶᠠᠨ᠎ᠤ ᠬᠡᠪᠴᠢᠶᠡᠨ᠎ᠳᠠᠬᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠡᠷᠡᠭᠵᠢᠭᠦᠯᠬᠦ ᠲᠥᠰᠦᠯ》᠂ 《ᠮᠣᠷᠢᠨᠳᠠᠪᠠᠭ᠎ᠠ ᠬᠤᠰᠢᠭᠤᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠨ ᠠᠰᠢᠭᠯᠠᠬᠤ ᠬᠡᠷᠡᠭᠵᠢᠭᠦᠯᠬᠦ ᠲᠥᠰᠦᠯ》᠂ 《ᠮᠣᠷᠢᠨᠳᠠᠪᠠᠭ᠎ᠠ ᠬᠤᠰᠢᠭᠤᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ᠂  ᠤᠰᠤ ᠬᠡᠷᠡᠭᠯᠡᠬᠦ ᠤᠯᠠᠭ᠋ᠠᠨ ᠱᠤᠭᠤᠮ᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂  ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠪᠠ ᠨᠣᠷᠮ᠎ᠠ ᠲᠣᠭᠲᠠᠭ᠋ᠠᠨ ᠬᠠᠮᠢᠶᠠᠷᠬᠤ ᠵᠢ ᠴᠢᠩᠭ᠎ᠠ ᠬᠡᠷᠡᠭᠵᠢᠭᠦᠯᠵᠦ᠂  ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ᠎ᠳᠤ ᠲᠦᠷᠢᠮ᠎ᠤᠨ ᠪᠠᠲᠤᠯᠠᠭ᠎ᠠ ᠬᠠᠩᠭ᠋ᠠᠪᠠ᠃

   ᠭᠤᠣᠯ᠎ᠤᠨ ᠳᠠᠷᠤᠭ᠎ᠠ ᠵᠢᠨ ᠳᠦᠷᠢᠮ᠎ᠤᠨ 《ᠬᠤᠷᠴᠠ ᠵᠡᠪᠰᠡᠭ》᠎ᠢ ᠰᠠᠶ᠋ᠢᠲᠤᠷ   ᠬᠡᠷᠡᠭᠯᠡᠬᠦ ᠬᠡᠷᠡᠭᠲᠡᠢ᠃  ᠪᠥᠬᠦ ᠬᠤᠰᠢᠭᠤᠨ᠎ᠤ 15 ᠰᠢᠶᠠᠩ ᠪᠠᠯᠭ᠋ᠠᠰᠤ᠂ 220 ᠵᠠᠰᠠᠭ ᠵᠠᠬᠢᠷᠭ᠋ᠠᠨ᠎ᠤ ᠲᠣᠰᠬᠤᠨ᠎ᠤ ᠭᠤᠷᠪᠠᠨ ᠱᠠᠲᠤᠨ᠎ᠤ ᠭᠤᠤᠯ ᠮᠥᠷᠡᠨ᠎ᠤ ᠳᠠᠷᠤᠭ᠎ᠠ ᠵᠢᠨ ᠰᠢᠰᠲ᠋ᠧᠮ᠎ᠳᠤ ᠲᠦᠰᠢᠭᠯᠡᠨ᠂  ᠤᠰᠤ ᠠᠷᠪᠢᠯᠠᠵᠤ ᠤᠰᠤ ᠵᠢ ᠬᠠᠮᠠᠭ᠋ᠠᠯᠠᠬᠤ᠂  ᠡᠳᠦᠷ ᠲᠤᠲᠤᠮ᠎ᠤᠨ ᠭᠤᠤᠯ ᠮᠥᠷᠡᠨ᠎ᠢ ᠴᠠᠭᠳᠠᠬᠤ᠂  ᠬᠠᠮᠢᠶᠠᠷᠤᠨ ᠬᠠᠮᠠᠭ᠋ᠠᠯᠠᠬᠤ ᠪᠠ ᠬᠢᠨᠠᠯᠲᠠ ᠲᠠᠯᠪᠢᠬᠤ᠎ᠳᠤ ᠠᠭᠤᠰᠤᠯᠴᠠᠭᠤᠯᠤᠨ᠎ᠠ᠃ 《ᠪᠣᠬᠢᠷᠲᠤᠯ᠎ᠢ ᠵᠠᠰᠠᠵᠤ ᠤᠰᠤ ᠠᠷᠪᠢᠯᠠᠬᠤ ᠵᠢ ᠠᠬᠢᠭᠤᠯᠬᠤ》᠎ᠪᠠᠷ ᠬᠠᠷᠠᠯᠲᠠ ᠪᠣᠯᠭ᠋ᠠᠵᠤ᠂  ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ ᠪᠠ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠵᠢ ᠬᠤᠯᠪᠣᠭ᠋ᠠᠯᠠᠨ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂  ᠤᠰᠤᠨ᠎ᠤ ᠪᠣᠬᠢᠷᠲᠤᠯ᠎ᠢ ᠡᠬᠢ ᠡᠭᠦᠰᠦᠯ᠎ᠠᠴᠠ᠎ᠨᠢ ᠪᠠᠭ᠋ᠠᠰᠬᠠᠨ᠂  ᠤᠰᠤᠨ ᠠᠰᠢᠭᠯᠠᠯᠲᠠ ᠵᠢᠨ ᠬᠡᠷᠡᠭᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠬᠢᠭᠡᠳ ᠤᠰᠤ ᠠᠷᠪᠢᠯᠠᠬᠤ ᠦᠷ᠎ᠡ ᠠᠰᠢᠭ᠎ᠤᠨ 《ᠬᠤᠣᠰ ᠠᠮᠵᠢᠯᠲᠠ》 ᠵᠢ ᠪᠡᠶᠡᠯᠡᠭᠦᠯᠪᠡ᠃

   ᠲᠠᠷᠢᠶᠠᠯᠠᠩ᠎ᠤᠨ ᠤᠰᠤ ᠠᠷᠪᠢᠯᠠᠬᠤ 《ᠨᠠᠷᠢᠯᠢᠭ ᠲᠠᠷᠢᠵᠤ ᠨᠢᠮᠪᠠᠢ ᠠᠷᠠᠴᠢᠯᠠᠬᠤ》 ᠬᠡᠷᠡᠭᠲᠡᠢ᠃  ᠤᠰᠤ ᠠᠷᠪᠢᠯᠠᠵᠤ ᠲᠠᠷᠢᠶᠠᠯᠠᠩ᠎ᠢ ᠬᠥᠭᠵᠢᠭᠦᠯᠬᠦ ᠵᠢ ᠪᠠᠷᠢᠮᠲᠠᠯᠠᠨ᠂  ᠬᠠᠭᠤᠷᠠᠶ ᠲᠠᠷᠢᠶᠠᠯᠠᠭ᠎ᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂  ᠨᠡᠶ᠋ᠢᠲᠡ 127.55 ᠲᠦᠮᠡᠨ ᠮᠦ᠍ ᠭᠠᠵᠠᠷ ᠰᠢᠷᠣᠶ ᠵᠢ ᠬᠡᠷᠡᠭᠵᠢᠭᠦᠯᠪᠡ᠃  ᠮᠠᠰᠢᠨ ᠴᠠᠬᠢᠯᠭ᠋ᠠᠨ ᠬᠤᠳᠳᠤᠭ᠎ᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠬᠤ᠂  ᠰᠦᠷᠴᠢᠨ ᠤᠰᠤᠯᠠᠬᠤ ᠮᠡᠷᠭᠡᠵᠢᠯ᠎ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂  ᠬᠠᠭᠤᠷᠠᠶ ᠲᠠᠷᠢᠮᠠᠯ᠎ᠤᠨ ᠪᠦᠲᠦᠴᠡ ᠵᠢ ᠰᠢᠯᠢᠳᠡᠭᠵᠢᠭᠦᠯᠵᠦ᠂ 《ᠤᠰᠤ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ᠂  ᠭᠠᠷᠤᠯᠲᠠ ᠭᠠᠷᠭ᠋ᠠᠯᠲᠠ ᠵᠢᠨ ᠦᠷ᠎ᠡ ᠠᠰᠢᠭ᠎ᠢ ᠨᠡᠮᠡᠭᠳᠡᠭᠦᠯᠬᠦ》 ᠵᠢ ᠪᠡᠶᠡᠯᠡᠭᠦᠯᠪᠡ᠃  ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠠᠰᠢᠭᠯᠠᠯᠲᠠ᠎ᠳᠤ ᠣᠷᠣᠬᠤ ᠵᠢ ᠵᠡᠷᠭᠡᠪᠡᠷ ᠠᠬᠢᠭᠤᠯᠵᠤ᠂  ᠨᠢᠷᠭᠢ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠤᠷᠠᠳᠤ ᠤᠷᠤᠰᠬᠠᠯ᠎ᠤᠨ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ ᠪᠠᠶ᠋ᠢᠭᠤᠯᠤᠭᠳᠠᠭᠰᠠᠨ᠎ᠤ ᠳᠠᠷᠠᠭ᠎ᠠ᠂ 30.27 ᠲᠦᠮᠡᠨ ᠮᠥ᠍ ᠲᠠᠷᠢᠶᠠᠨ ᠭᠠᠵᠠᠷ᠎ᠲᠤ 《ᠨᠠᠷᠢᠯᠢᠭ ᠣᠨᠣᠴᠠᠲᠠᠶ᠎ᠪᠠᠷ ᠬᠡᠮᠵᠢᠬᠦ᠂  ᠣᠶᠤᠨᠴᠢ ᠳᠣᠭᠢᠷᠠᠭᠤᠯᠬᠤ》 ᠤᠰᠤᠯᠠᠯᠲᠠ ᠵᠢ ᠪᠡᠶᠡᠯᠡᠭᠦᠯᠵᠦ᠂  ᠨᠡᠪᠴᠢᠬᠦ ᠵᠢ ᠰᠡᠷᠭᠡᠶ᠋ᠢᠯᠡᠬᠦ ᠰᠤᠪᠠᠭ ᠬᠢᠭᠡᠳ ᠠᠦ᠋ᠲ᠋ᠣᠴᠢᠯᠠᠭᠰᠠᠨ ᠬᠠᠮᠢᠶᠠᠷᠤᠯᠲᠠ ᠵᠢ ᠪᠦᠲᠦᠮᠵᠢᠲᠡᠶ ᠰᠢᠢ᠍ᠳᠪᠦᠷᠢᠯᠡᠪᠡ᠃

   ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ 《ᠨᠠᠷᠢᠨ ᠨᠢᠮᠪᠠᠢ ᠲᠥᠯᠥᠪᠯᠡᠨ ᠪᠤᠳᠤᠬᠤ》 ᠬᠡᠷᠡᠭᠲᠡᠢ᠃  ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠪᠠ ᠤᠰᠤ ᠠᠪᠬᠤ ᠵᠥᠪᠰᠢᠶᠡᠷᠡᠯ᠎ᠤᠨ 《ᠣᠷᠣᠬᠤ ᠡᠭᠦᠳᠡ》 ᠵᠢ ᠴᠢᠩᠭ᠎ᠠ ᠰᠠᠬᠢᠵᠤ᠂  ᠤᠰᠤ ᠶᠡᠭᠡ ᠬᠤᠷᠣᠭᠳᠠᠭᠤᠯᠬᠤ ᠬᠤᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠦᠨ᠎ᠡ᠃  ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠬᠡᠷᠡᠭᠯᠡᠬᠦ ᠵᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠠᠪᠴᠠᠩ᠎ᠢ ᠪᠠᠶ᠋ᠢᠭᠤᠯᠵᠤ᠂  ᠪᠦᠬᠦ ᠶᠠᠪᠤᠴᠠ᠎ᠪᠠᠷ ᠤᠰᠤ ᠬᠡᠷᠡᠭᠯᠡᠬᠦ ᠬᠦᠴᠦᠯᠡᠴᠡ ᠵᠢ ᠮᠥᠷᠳᠡᠵᠦ᠂  ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ ᠪᠠ ᠤᠰᠤ ᠵᠢ ᠡᠷᠭᠢᠯᠳᠦᠭᠦᠯᠦᠨ ᠬᠡᠷᠡᠭᠯᠡᠬᠦ ᠵᠢ ᠭᠡᠳᠡᠷᠭᠦ ᠰᠢᠬᠠᠮᠳᠠᠭᠤᠯᠤᠨ᠎ᠠ᠃  ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ ᠰᠢᠯᠭ᠋ᠠᠷᠠᠭᠤᠯᠬᠤ ᠵᠢ ᠢᠳᠡᠪᠬᠢᠲᠡᠶ ᠥᠷᠨᠢᠭᠦᠯᠦᠨ᠂  ᠠᠵᠢᠯ ᠲᠥᠷᠥᠯ᠎ᠤᠨ ᠬᠡᠪ ᠳᠠᠭᠤᠷᠢᠶᠠᠯ᠎ᠢ ᠪᠣᠶ ᠪᠣᠯᠭ᠋ᠠᠵᠤ᠂  ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠪᠡ᠃

   ᠬᠣᠲᠠ ᠬᠥᠳᠡᠭᠡ ᠵᠢᠨ ᠤᠰᠤ ᠠᠷᠪᠢᠯᠠᠬᠤ᠎ᠳᠤ 《ᠨᠢᠭᠲᠠ᠎ᠠᠴᠠ ᠨᠢᠭᠲᠠ》 ᠪᠠᠢ᠌ᠬᠤ ᠬᠡᠷᠡᠭᠲᠡᠢ᠃  ᠬᠤᠲᠠ ᠬᠥᠳᠡᠭᠡ ᠵᠢᠨ ᠤᠰᠤ ᠬᠠᠩᠭ᠋ᠠᠬᠤ ᠵᠢ ᠨᠢᠭᠡ ᠴᠣᠭᠴᠠᠵᠢᠭᠤᠯᠤᠨ ᠥᠭᠡᠷᠡᠴᠢᠯᠡᠬᠦ ᠵᠢ ᠬᠡᠷᠡᠭᠵᠢᠭᠦᠯᠵᠦ᠂  ᠨᠢᠷᠬᠢ ᠪᠠᠯᠭ᠋ᠠᠰᠤᠨ᠎ᠤ ᠲᠣᠭᠤᠷᠢᠭ᠎ᠤᠨ ᠬᠠᠭᠤᠴᠢᠨ ᠬᠤᠭᠤᠯᠠᠶ ᠵᠢᠨ ᠲᠣᠤᠷ᠎ᠤᠨ 26.4 ᠺᠢᠯᠤᠮᠸᠲᠷ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂  ᠮᠢᠩᠭ᠎ᠠ ᠰᠢᠬᠠᠮ ᠡᠷᠦᠬᠡ ᠰᠠᠭᠤᠭ᠋ᠠᠯᠢ ᠠᠷᠠᠳ᠎ᠲᠤ ᠠᠰᠢᠭ ᠬᠦᠷᠲᠡᠭᠡᠵᠦ᠂ 《ᠭᠤᠭᠤᠵᠢᠬᠤ》 ᠠᠰᠠᠭᠤᠳᠠᠯ᠎ᠢ ᠰᠢᠢ᠍ᠳᠪᠦᠷᠢᠯᠡᠪᠡ; ᠬᠥᠳᠡᠭᠡ ᠲᠣᠰᠬᠤᠨ᠎ᠤ ᠲᠦᠭᠡᠭᠡᠯ ᠤᠰᠤᠨ᠎ᠤ ᠬᠤᠭᠤᠯᠠᠶ ᠵᠢᠨ ᠲᠣᠤᠷ᠎ᠢ ᠥᠷᠭᠡᠳᠬᠡᠨ ᠪᠠᠶ᠋ᠢᠭᠤᠯᠬᠤ ᠵᠢ ᠠᠬᠢᠭᠤᠯᠵᠤ᠂  ᠨᠠᠷᠢᠯᠢᠭ ᠣᠨᠣᠴᠠᠲᠠᠶ᠎ᠪᠠᠷ ᠡᠷᠦᠬᠡ᠎ᠳᠤ ᠬᠦᠷᠭᠡᠬᠦ ᠵᠢ ᠪᠡᠶᠡᠯᠡᠭᠦᠯᠦᠭᠰᠡᠨ ᠪᠠᠢ᠌ᠨ᠎ᠠ᠃  ᠰᠠᠭᠤᠭ᠋ᠠᠯᠢ ᠠᠷᠠᠳ᠎ᠤᠨ ᠤᠰᠤᠨ᠎ᠤ ᠱᠠᠲᠤᠯᠢᠭ ᠦᠨ᠎ᠡ ᠬᠠᠩᠰᠢ ᠬᠢᠭᠡᠳ ᠰᠠᠭᠤᠭ᠋ᠠᠯᠢ ᠠᠷᠠᠳ᠎ᠤᠨ ᠪᠤᠰᠤ ᠲᠥᠯᠥᠪᠯᠡᠭᠡ᠎ᠠᠴᠠ ᠳᠠᠪᠠᠭᠤᠯᠤᠨ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂  ᠵᠠᠬ᠎ᠠ ᠳᠡᠯᠭᠡᠭᠦᠷ᠎ᠤᠨ ᠲᠣᠬᠢᠷᠠᠭᠤᠯᠬᠤ ᠦᠢ᠍ᠯᠡᠳᠦᠯ᠎ᠢ ᠪᠠᠳᠠᠷᠠᠭᠤᠯᠤᠨ᠂  ᠪᠦᠬᠦ ᠠᠷᠠᠳ᠎ᠤᠨ ᠤᠰᠤ ᠠᠷᠪᠢᠯᠠᠬᠤ ᠦᠵᠡᠯ ᠤᠬᠠᠮᠰᠠᠷ᠎ᠢ ᠨᠡᠮᠡᠭᠳᠡᠭᠦᠯᠪᠡ᠃

   ᠬᠡᠪ᠎ᠤᠨ ᠪᠤᠰᠤ ᠤᠰᠤᠨ ᠰᠤᠷᠪᠤᠯᠵᠢ ᠵᠢᠨ 《ᠳᠠᠯᠳᠠ ᠬᠦᠴᠦᠨ》᠎ᠢ ᠬᠦᠭᠵᠢᠭᠡᠬᠦ ᠬᠡᠷᠡᠭᠲᠡᠢ᠃  ᠳᠤᠮᠳᠠ ᠤᠰᠤ᠎ᠲᠠᠢ᠂  ᠠᠰᠢᠭᠯᠠᠬᠤ᠎ᠳᠤ ᠬᠦᠴᠢᠷ ᠠᠰᠠᠭᠤᠳᠠᠯ᠎ᠳᠤ ᠴᠢᠭᠯᠡᠭᠦᠯᠦᠨ᠂  ᠰᠢᠢ᠍ᠳᠪᠦᠷᠢᠯᠡᠭᠳᠡᠬᠦᠢ ᠰᠡᠳᠭᠢᠭᠦᠢ ᠵᠢ ᠪᠠᠷᠢᠮᠲᠠᠯᠠᠨ᠂  ᠢᠳᠡᠪᠬᠢᠲᠡᠶ᠎ᠪᠠᠷ ᠰᠡᠳᠦᠪ᠎ᠢ ᠡᠪᠳᠡᠵᠦ᠂  ᠳᠤᠮᠳᠠ ᠤᠰᠤ ᠨᠥᠬᠦᠪᠥᠷᠢᠯᠡᠬᠦ ᠥᠷᠲᠡᠭᠡ ᠵᠢ ᠰᠢᠨ᠎ᠡ᠎ᠪᠠᠷ ᠡᠭᠦᠳᠦᠨ ᠪᠠᠶ᠋ᠢᠭᠤᠯᠵᠤ᠂  ᠬᠤᠭᠤᠯᠠᠶ ᠵᠢᠨ ᠲᠣᠤᠷ᠎ᠤᠨ ᠬᠢᠵᠠᠭ᠋ᠠᠷᠯᠠᠯ᠎ᠢ ᠠᠮᠢᠳᠤᠯᠢᠭ ᠲᠣᠬᠢᠷᠠᠭᠤᠯᠬᠤ᠎ᠪᠠᠷ ᠳᠠᠮᠵᠢᠭᠤᠯᠤᠨ᠂  ᠳᠤᠮᠳᠠ ᠤᠰᠤ ᠵᠢ ᠡᠭᠡᠭᠦᠯᠦᠨ ᠬᠡᠷᠡᠭᠯᠡᠬᠦ ᠪᠠᠶ᠋ᠢᠳᠠᠯ᠎ᠢ ᠥᠷᠭᠡᠳᠬᠡᠵᠦ᠂  ᠵᠢᠯ ᠪᠦᠷᠢ ᠳᠤᠮᠳᠠᠴᠢ᠎ᠪᠠᠷ 50 ᠲᠦᠮᠡᠨ ᠪᠣᠰᠤᠭ᠎ᠠ ᠳᠥᠷᠪᠡᠯᠵᠢᠨ ᠮᠸᠲᠷ ᠳᠤᠮᠳᠠ ᠤᠰᠤ ᠵᠢ ᠡᠭᠡᠭᠦᠯᠦᠨ ᠬᠡᠷᠡᠭᠯᠡᠵᠦ᠂  ᠨᠣᠭᠤᠭ᠋ᠠᠷᠠᠭᠤᠯᠬᠤ᠂  ᠣᠷᠴᠢᠨ ᠲᠣᠭᠤᠷᠢᠨ᠎ᠤ ᠠᠷᠢᠭᠤᠨ ᠴᠡᠪᠡᠷ ᠵᠡᠷᠭᠡ᠎ᠳᠤ ᠲᠣᠭᠲᠠᠪᠤᠷᠢᠲᠠᠶ ᠤᠰᠤᠨ᠎ᠤ ᠡᠬᠢ ᠰᠤᠷᠪᠤᠯᠵᠢ ᠵᠢ ᠬᠠᠩᠭ᠋ᠠᠵᠤ᠂ 《ᠬᠠᠶᠠᠭᠳᠠᠮᠠᠯ ᠤᠰᠤ》 ᠵᠢ ᠳᠠᠬᠢᠨ ᠬᠠᠭ᠋ᠠᠯᠪᠤᠷᠢᠯᠠᠬᠤ᠂  ᠬᠠᠶᠠᠭᠳᠠᠮᠠᠯ ᠪᠣᠳᠠᠰ᠎ᠢ ᠡᠷᠳᠡᠨᠢ ᠪᠣᠯᠭ᠋ᠠᠬᠤ ᠵᠢ ᠪᠡᠶᠡᠯᠡᠭᠦᠯᠪᠡ᠃

   ᠪᠦᠬᠦ ᠠᠷᠠᠳ᠎ᠤᠨ ᠤᠰᠤ ᠠᠷᠪᠢᠯᠠᠬᠤ 《ᠥᠩ ᠰᠢᠮᠡᠯᠢᠭ ᠬᠥᠷᠥᠰᠥ》 ᠵᠢ ᠵᠤᠵᠠᠭ᠋ᠠᠨ ᠲᠠᠷᠢᠬᠤ ᠬᠡᠷᠡᠭᠲᠡᠢ᠃ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》 ᠵᠶ᠋ᠠᠷ ᠠᠵᠠ ᠲᠣᠬᠢᠶᠠᠯ ᠪᠣᠯᠭ᠋ᠠᠵᠤ᠂  ᠤᠰᠤ ᠠᠷᠪᠢᠯᠠᠬᠤ ᠤᠬᠠᠭᠤᠯᠭ᠎ᠠ ᠵᠢᠨ 《ᠵᠢᠷᠭᠤᠭ᠎ᠠ ᠵᠢ ᠣᠷᠣᠭᠤᠯᠬᠤ》 ᠠᠵᠢᠯᠯᠠᠭ᠎ᠠ ᠵᠢ ᠥᠷᠨᠢᠭᠦᠯᠵᠦ᠂  ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ ᠤᠰᠤ ᠠᠷᠪᠢᠯᠠᠬᠤ ᠮᠡᠳᠡᠯᠭᠡ ᠵᠢ ᠠᠭᠤᠰᠤᠯᠴᠠᠭᠤᠯᠤᠨ ᠲᠦᠭᠡᠮᠡᠯᠵᠢᠭᠦᠯᠪᠡ; ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭ᠋ᠠᠵᠤ᠂  ᠣᠯᠠᠨ ᠲᠦᠮᠡᠨ᠎ᠤ ᠤᠰᠤ ᠠᠷᠪᠢᠯᠠᠵᠤ ᠤᠰᠤ ᠵᠠᠰᠠᠬᠤ᠎ᠳᠤ ᠣᠷᠣᠯᠴᠠᠬᠤ ᠵᠢ ᠵᠣᠷᠢᠭᠵᠢᠭᠤᠯᠵᠤ᠂ 《ᠨᠠᠳᠠ᠎ᠪᠠᠷ ᠤᠰᠤ ᠠᠷᠪᠢᠯᠠᠭᠤᠯᠬᠤ》᠎ᠠᠴᠠ 《ᠪᠢ ᠤᠰᠤ ᠠᠷᠪᠢᠯᠠᠬᠤ》 ᠲᠡᠢ᠌ᠰᠢ ᠬᠤᠪᠢᠷᠠᠭᠤᠯᠬᠤ ᠵᠢ ᠠᠬᠢᠭᠤᠯᠪᠠ᠃

   ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ᠎ᠬᠢᠨ ᠬᠦᠴᠦ᠎ᠪᠠᠨ ᠲᠥᠪᠯᠡᠷᠡᠭᠦᠯᠦᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂  ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂  ᠤᠨᠢᠨ ᠳᠡᠭᠡᠷ᠎ᠡ᠎ᠨᠢ ᠨᠡᠮᠡᠭᠦᠷᠢ ᠥᠭᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂  ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂  ᠣᠶᠤᠨᠴᠢ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂  ᠤᠰᠤ ᠠᠷᠪᠢᠯᠠᠬᠤ ᠪᠠ ᠠᠮᠢ ᠠᠬᠤᠢ ᠵᠢᠨ ᠬᠠᠮᠠᠭ᠋ᠠᠯᠠᠯᠲᠠ᠂  ᠠᠵᠤ ᠦᠢ᠍ᠯᠡᠰ᠎ᠤᠨ ᠬᠥᠭᠵᠢᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂  ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠵᠢ ᠪᠦᠳᠦᠭᠡᠨ ᠪᠠᠶ᠋ᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠵᠦ᠂  ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ᠎ᠪᠠᠷ ᠴᠢᠨᠠᠷ ᠰᠠᠶ᠋ᠢᠲᠠᠢ ᠬᠥᠭᠵᠢᠭᠦᠯᠦᠨ᠎ᠡ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠯᠠᠪᠳᠠᠭᠤᠨ ᠪᠠᠲᠤᠲᠠᠶ ᠥᠷᠨᠢᠭᠦᠯᠵᠦ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠪᠠ ᠤᠰᠤ ᠠᠷᠪᠢᠯᠠᠵᠤ ᠭᠠᠷᠤᠯᠲᠠ᠎ᠪᠠᠨ ᠨᠡᠮᠡᠭᠳᠡᠭᠦᠯᠵᠦ ᠬᠤᠤᠰ ᠠᠮᠵᠢᠯᠲᠠ ᠤᠯᠬᠤ ᠵᠢ ᠪᠡᠶᠡᠯᠡᠭᠦᠯᠪᠡ
ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠄ 《1445》 ᠎ᠳᠤ ᠲᠦᠪᠯᠡᠷᠡᠭᠦᠯᠵᠦ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ᠌ᠷᠡᠭᠦᠯᠦᠨ ᠠᠬᠢᠭᠤᠯᠪᠠ
ᠯᠢᠨᠰᠢ ᠰᠢᠶᠠᠨ᠄ 《ᠤᠰᠤᠨ ᠰᠤᠳᠠᠯ》᠎ᠤᠨ ᠢᠨᠵᠧᠨᠧᠷᠢᠩ ᠤᠰᠤ ᠬᠦᠷᠦᠰᠦ ᠵᠢ ᠰᠢᠮᠡᠵᠢᠭᠦᠯᠦᠨ ᠤᠰᠤ ᠠᠷᠪᠢᠯᠠᠵᠤ ᠤᠰᠤ ᠵᠢ ᠬᠠᠮᠠᠭ᠋ᠠᠯᠠᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠪᠡ
ᠬᠥᠯᠥᠨ ᠪᠤᠶ᠋ᠢᠷ᠄ ᠳ᠋ᠠ ᠶᠠᠩ ᠱᠤ᠌ ᠪᠠᠯᠭ᠋ᠠᠰᠤᠨ᠎ᠤ ᠵᠡᠭᠡᠯᠢ ᠵᠢᠨ ᠪᠠᠷᠠᠭᠤᠨ᠎ᠳᠠᠬᠢ ᠪᠠᠷᠢᠯᠭ᠎ᠠ ᠵᠢᠨ ᠬᠣᠭ ᠨᠣᠪᠰᠢ ᠵᠢ ᠴᠡᠭᠴᠡᠯᠡᠨ ᠵᠠᠰᠠᠬᠤ ᠵᠢᠴᠢ ᠭᠠᠢ ᠱᠠᠨ ᠠᠭᠤᠳᠠᠮ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠶᠡᠷ᠎ᠤᠨ ᠤᠰᠤᠨ᠎ᠤ ᠨᠦᠯᠦᠭᠡᠯᠡᠯ᠎ᠢ ᠦᠨᠡᠯᠡᠬᠦ ᠲᠥᠷᠥᠯ᠎ᠤᠨ ᠬᠢᠨᠠᠨ ᠵᠦᠪᠰᠢᠶᠠᠷᠡᠯ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ ᠲᠤᠰᠬᠠᠢ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
 
            