ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠯᠠᠪᠳᠠᠭᠤᠨ ᠪᠠᠲᠤᠲᠠᠶ ᠥᠷᠨᠢᠭᠦᠯᠵᠦ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠪᠠ ᠤᠰᠤ ᠠᠷᠪᠢᠯᠠᠵᠤ ᠭᠠᠷᠤᠯᠲᠠ᠎ᠪᠠᠨ ᠨᠡᠮᠡᠭᠳᠡᠭᠦᠯᠵᠦ ᠬᠤᠤᠰ ᠠᠮᠵᠢᠯᠲᠠ ᠤᠯᠬᠤ ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-05-12

   ᠪᠤᠭᠤᠲᠤ ᠬᠤᠲᠠ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ ᠮᠥᠨ᠂  ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ᠎ᠨᠢ ᠭᠠᠵᠠᠷ ᠣᠷᠣᠨ᠎ᠤ ᠠᠵᠤ ᠠᠬᠤᠶ ᠵᠢᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠨᠢᠭᠡᠨ ᠲᠣᠮᠣ ᠪᠣᠭᠤᠮᠢ ᠪᠣᠯᠵᠠᠶ᠃ 《ᠤᠰᠤᠨ᠎ᠤ ᠬᠦᠴᠢᠷᠳᠡᠯ》᠎ᠤᠨ ᠪᠣᠭᠤᠮᠢ ᠵᠢ ᠰᠢᠢ᠍ᠳᠪᠦᠷᠢᠯᠡᠬᠦ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠳᠣᠤᠷ᠎ᠠ᠂ 2025 ᠣᠨ᠎ᠳᠤ᠂  ᠪᠤᠭᠤᠲᠤ ᠬᠤᠲᠠ ᠤᠰᠤᠨ᠎ᠤ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠰᠢᠨ᠎ᠡ ᠠᠷᠭ᠎ᠠ ᠵᠠᠮ᠎ᠢ ᠢᠳᠡᠪᠬᠢᠲᠡᠶ ᠬᠠᠶ᠋ᠢᠨ ᠰᠦᠪᠡᠭᠴᠢᠯᠡᠵᠦ᠂  ᠤᠰᠤ ᠬᠡᠷᠡᠭᠯᠡᠬᠦ ᠡᠷᠬᠡ ᠵᠢ ᠣᠬᠤᠷ ᠬᠤᠭᠤᠴᠠᠭ᠋ᠠᠨ᠎ᠤ ᠠᠷᠠᠯᠵᠢᠶᠠᠨ᠎ᠤ ᠲᠣᠭᠲᠠᠴᠠ᠎ᠳᠤ ᠰᠢᠨ᠎ᠡ ᠵᠢ ᠡᠭᠦᠳᠦᠨ ᠬᠡᠷᠡᠭᠵᠢᠭᠦᠯᠵᠦ᠂  ᠤᠰᠤ ᠬᠡᠷᠡᠭᠯᠡᠬᠦ ᠡᠷᠦᠬᠡ ᠵᠢ ᠵᠣᠷᠢᠭᠵᠢᠭᠤᠯᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ᠂  ᠤᠰᠤ ᠠᠷᠪᠢᠯᠠᠬᠤ ᠮᠡᠷᠭᠡᠵᠢᠯ᠎ᠢ ᠲᠠᠰ ᠳᠡᠪᠰᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠤᠰᠤᠨ᠎ᠤ ᠡᠬᠢ ᠪᠠᠶᠠᠯᠢᠭ᠎ᠢ ᠠᠷᠪᠢᠯᠠᠬᠤ ᠵᠢᠨ ᠬᠠᠮᠲᠤ ᠤᠰᠤ ᠠᠷᠪᠢᠯᠠᠭᠰᠠᠨ ᠤᠰᠤᠨ᠎ᠤ ᠭᠦᠢ᠍ᠴᠡᠳᠬᠡᠯ ᠲᠤᠭ᠎ᠠ ᠵᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠲᠥᠯᠥᠪᠦᠷᠢ᠎ᠲᠠᠢ᠎ᠪᠠᠷ ᠰᠢᠯᠵᠢᠭᠦᠯᠦᠨ ᠥᠭᠬᠦ ᠵᠢ ᠵᠣᠷᠢᠭᠵᠢᠭᠤᠯᠵᠤ᠂  ᠲᠦᠷᠦᠭᠦᠤ ᠪᠦᠯᠦᠭ᠎ᠤᠨ ᠣᠬᠤᠷ ᠬᠤᠭᠤᠴᠠᠭ᠋ᠠᠨ᠎ᠤ ᠤᠰᠤᠨ᠎ᠤ ᠡᠷᠬᠡ ᠵᠢᠨ ᠠᠷᠠᠯᠵᠢᠶ᠎ᠠ᠎ᠪᠠᠷ ᠵᠢᠦ ᠶᠤᠸᠠᠨ ᠲᠣᠭᠤᠷᠢᠭ᠎ᠲᠤ ᠨᠤᠲᠤᠭᠯᠠᠨ ᠦᠨᠳᠦᠰᠦᠯᠡᠬᠦ ᠵᠢ ᠠᠮᠵᠢᠯᠲᠠ᠎ᠲᠠᠢ ᠠᠬᠢᠭᠤᠯᠵᠤ᠂ 2025 ᠣᠨ᠎ᠤ 4 ᠳ᠋ᠦ᠍ᠭᠡᠷ ᠰᠠᠷ᠎ᠠ ᠵᠢᠨ 21᠎ᠤ ᠡᠳᠦᠷ 11 ᠬᠤᠪᠢ ᠣᠬᠤᠷ ᠬᠤᠭᠤᠴᠠᠭ᠋ᠠᠨ᠎ᠤ ᠤᠰᠤᠨ᠎ᠤ ᠡᠷᠬᠡ ᠵᠢᠨ ᠠᠷᠠᠯᠵᠢᠶᠠᠨ᠎ᠤ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠪᠠ᠃  ᠲᠣᠰ ᠤᠳᠠᠭ᠋ᠠᠨ᠎ᠤ ᠠᠷᠠᠯᠵᠢᠶᠠᠨ᠎ᠤ ᠳᠤᠮᠳᠠ᠂  ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠦᠯᠡᠳᠡᠭᠰᠡᠨ 347.95 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠤᠰᠤᠨ᠎ᠤ ᠡᠷᠬᠡ ᠵᠢᠨ ᠭᠦᠢ᠍ᠴᠡᠳᠬᠡᠯ ᠲᠤᠭ᠎ᠠ ᠵᠢ 11 ᠤᠰᠤ ᠬᠡᠷᠡᠭᠯᠡᠬᠦ ᠠᠵᠤ ᠠᠬᠤᠶ᠋ᠢᠯᠠᠯ᠎ᠳᠤ ᠣᠨᠣᠪᠴᠢᠲᠠᠶ ᠳᠣᠭᠢᠷᠠᠭᠤᠯᠵᠤ᠂  ᠠᠵᠤ ᠠᠬᠤᠶ᠋ᠢᠯᠠᠯ᠎ᠤᠨ ᠪᠠᠴᠢᠮ ᠪᠠᠶ᠋ᠢᠳᠠᠯ᠎ᠢ ᠰᠢᠢ᠍ᠳᠪᠦᠷᠢᠯᠡᠪᠡ᠃  ᠪᠤᠭᠤᠲᠤ ᠬᠤᠲᠠ ᠵᠢᠨ ᠤᠰᠤᠨ᠎ᠤ ᠡᠷᠬᠡ ᠵᠢᠨ ᠥᠭᠡᠷᠡᠴᠢᠯᠡᠯᠲᠡ ᠵᠢᠨ ᠦᠷᠭᠦᠯᠵᠢᠯᠡᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠳᠠᠭ᠋ᠠᠯᠳᠤᠨ᠂  ᠤᠰᠤᠨ᠎ᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠲᠠᠰᠤᠷᠠᠯᠲᠠ ᠥᠬᠡᠶ ᠳᠡᠭᠡᠭᠰᠢᠯᠡᠵᠦ᠂  ᠤᠰᠤᠨ᠎ᠤ ᠡᠷᠬᠡ ᠵᠢᠨ ᠠᠷᠠᠯᠵᠢᠶ᠎ᠠ ᠪᠠᠶ᠋ᠢᠬᠤ ᠥᠬᠡᠶ ᠪᠠᠶ᠋ᠢᠭᠰᠠᠨ᠎ᠠᠴᠠ᠎ᠪᠠᠨ ᠪᠠᠶ᠋ᠢᠬᠤ ᠪᠣᠯᠵᠣ᠂  ᠣᠯᠠᠨ ᠲᠠᠯ᠎ᠠ᠎ᠠᠴᠠ ᠣᠯᠠᠨ ᠬᠡᠮᠵᠢᠯᠳᠦ ᠴᠢᠨᠠᠷᠲᠠᠶ ᠲᠡᠤᠬᠡᠲᠦ ᠴᠢᠨᠠᠷᠲᠠᠶ ᠰᠢᠪᠲᠤᠯᠤᠯᠲᠠ ᠵᠢ ᠪᠡᠶᠡᠯᠡᠭᠦᠯᠪᠡ᠃

   ᠲᠣᠰ ᠤᠳᠠᠭ᠋ᠠᠨ᠎ᠤ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠠᠮᠵᠢᠯᠲᠠ᠎ᠲᠠᠢ ᠦᠢ᠍ᠯᠡᠳᠦᠯᠭᠡ᠎ᠳᠤ᠂  ᠨᠢᠭᠡ᠎ᠳᠤ᠂  ᠠᠵᠤ ᠠᠬᠤᠶ᠋ᠢᠯᠠᠯ᠎ᠤᠨ ᠤᠰᠤ ᠬᠡᠷᠡᠭᠯᠡᠬᠦ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂  ᠠᠵᠤ ᠠᠬᠤᠶ᠋ᠢᠯᠠᠯ᠎ᠢ ᠰᠢᠨ᠎ᠡ᠎ᠪᠠᠷ ᠪᠠᠶ᠋ᠢᠭᠤᠯᠬᠤ᠂  ᠥᠷᠭᠡᠳᠬᠡᠨ ᠪᠠᠶ᠋ᠢᠭᠤᠯᠬᠤ ᠪᠤᠶᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠠᠤᠯᠢ ᠶᠣᠰᠣᠨ᠎ᠤ ᠤᠰᠤ ᠬᠡᠷᠡᠭᠯᠡᠬᠦ ᠠᠷᠭ᠎ᠠ ᠵᠠᠮ ᠬᠠᠩᠭ᠋ᠠᠵᠤ᠂  ᠦᠢ᠍ᠯᠡᠳᠪᠦᠷᠢᠯᠡᠯ᠎ᠤᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠪᠠ᠃  ᠬᠤᠶᠠᠷ᠎ᠲᠤ᠂  ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠠᠬᠢᠭᠤᠯᠵᠤ᠂  ᠵᠠᠬ᠎ᠠ ᠳᠡᠯᠭᠡᠭᠦᠷᠴᠢᠯᠡᠭᠰᠡᠨ ᠤᠷᠮᠠᠰᠢᠭᠤᠯᠤᠯ ᠵᠶ᠋ᠠᠷ ᠳᠠᠮᠵᠢᠭᠤᠯᠤᠨ᠂  ᠠᠵᠤ ᠠᠬᠤᠶ᠋ᠢᠯᠠᠯ᠎ᠤᠨ 《ᠰᠠᠨᠠᠭ᠋ᠠᠴᠢᠯᠠᠭ᠎ᠠ ᠦᠭᠡᠢ᠎ᠪᠠᠷ ᠤᠰᠤ ᠠᠷᠪᠢᠯᠠᠬᠤ》 ᠪᠠᠶ᠋ᠢᠭᠰᠠᠨ᠎ᠠᠴᠠ 《ᠰᠠᠨᠠᠭ᠋ᠠᠴᠢᠯᠠᠭ᠎ᠠ᠎ᠠᠴᠠ᠎ᠪᠠᠨ ᠤᠰᠤ ᠠᠷᠪᠢᠯᠠᠬᠤ》 ᠲᠡᠶ᠋ᠢᠰᠢ ᠰᠢᠯᠵᠢᠬᠦ ᠵᠢ ᠠᠬᠢᠭᠤᠯᠵᠤ᠂ 《ᠠᠷᠪᠢᠯᠠᠭᠰᠠᠨ ᠤᠰᠤ ᠵᠢ ᠵᠣᠭᠤᠰ᠎ᠪᠠᠷ ᠬᠤᠳᠠᠯᠳᠤᠬᠤ》 ᠵᠢ ᠪᠣᠳᠠᠲᠤ ᠠᠬᠤᠢ ᠪᠣᠯᠭ᠋ᠠᠵᠤ᠂  ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠤᠰᠤ ᠠᠷᠪᠢᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠭᠰᠡᠨ ᠪᠠᠶ᠋ᠢᠨ᠎ᠠ᠃  ᠭᠤᠷᠪᠠ᠎ᠳᠤ᠂  ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂  ᠤᠰᠤᠨ᠎ᠤ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠦᠨ᠂  ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠪᠠ ᠤᠰᠤ ᠠᠷᠪᠢᠯᠠᠵᠤ ᠭᠠᠷᠤᠯᠲᠠ᠎ᠪᠠᠨ ᠨᠡᠮᠡᠭᠳᠡᠭᠦᠯᠬᠦ ᠬᠤᠤᠰ ᠠᠮᠵᠢᠯᠲᠠ ᠤᠯᠬᠤ ᠪᠠᠶ᠋ᠢᠳᠠᠯ᠎ᠢ ᠳᠥᠯᠭᠢᠨ ᠠᠬᠢᠭᠤᠯᠬᠤ ᠶᠠᠪᠤᠳᠠᠯ᠎ᠨᠢ ᠪᠤᠭᠤᠲᠤ ᠬᠤᠲᠠ ᠵᠢᠨ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠨᠠᠶ᠋ᠢᠳᠠᠪᠤᠷᠢᠵᠢᠭᠤᠯᠬᠤ᠂  ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠲᠠᠯ᠎ᠠ᠎ᠪᠠᠷ ᠵᠠᠩᠭᠢᠯᠠᠭ᠎ᠠ ᠵᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠄ 《1445》 ᠎ᠳᠤ ᠲᠦᠪᠯᠡᠷᠡᠭᠦᠯᠵᠦ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ᠌ᠷᠡᠭᠦᠯᠦᠨ ᠠᠬᠢᠭᠤᠯᠪᠠ
ᠯᠢᠨᠰᠢ ᠰᠢᠶᠠᠨ᠄ 《ᠤᠰᠤᠨ ᠰᠤᠳᠠᠯ》᠎ᠤᠨ ᠢᠨᠵᠧᠨᠧᠷᠢᠩ ᠤᠰᠤ ᠬᠦᠷᠦᠰᠦ ᠵᠢ ᠰᠢᠮᠡᠵᠢᠭᠦᠯᠦᠨ ᠤᠰᠤ ᠠᠷᠪᠢᠯᠠᠵᠤ ᠤᠰᠤ ᠵᠢ ᠬᠠᠮᠠᠭ᠋ᠠᠯᠠᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠪᠡ
ᠬᠥᠯᠥᠨ ᠪᠤᠶ᠋ᠢᠷ᠄ ᠳ᠋ᠠ ᠶᠠᠩ ᠱᠤ᠌ ᠪᠠᠯᠭ᠋ᠠᠰᠤᠨ᠎ᠤ ᠵᠡᠭᠡᠯᠢ ᠵᠢᠨ ᠪᠠᠷᠠᠭᠤᠨ᠎ᠳᠠᠬᠢ ᠪᠠᠷᠢᠯᠭ᠎ᠠ ᠵᠢᠨ ᠬᠣᠭ ᠨᠣᠪᠰᠢ ᠵᠢ ᠴᠡᠭᠴᠡᠯᠡᠨ ᠵᠠᠰᠠᠬᠤ ᠵᠢᠴᠢ ᠭᠠᠢ ᠱᠠᠨ ᠠᠭᠤᠳᠠᠮ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠶᠡᠷ᠎ᠤᠨ ᠤᠰᠤᠨ᠎ᠤ ᠨᠦᠯᠦᠭᠡᠯᠡᠯ᠎ᠢ ᠦᠨᠡᠯᠡᠬᠦ ᠲᠥᠷᠥᠯ᠎ᠤᠨ ᠬᠢᠨᠠᠨ ᠵᠦᠪᠰᠢᠶᠠᠷᠡᠯ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ ᠲᠤᠰᠬᠠᠢ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠲᠦᠩᠯᠢᠶᠣᠣ ᠬᠣᠲᠠ ᠵᠢᠨ ᠤᠰᠤᠨ ᠎ᠤ ᠶᠠᠪᠤᠳᠠᠯ᠎ᠤᠨ ᠲᠣᠪᠴᠢᠶ᠎ᠠ ᠵᠢᠨ ᠠᠵᠢᠯᠴᠢᠨ᠎ᠤ ᠡᠪᠯᠡᠯ ᠪᠠᠶ᠋ᠢᠭᠤᠯᠬᠤ ᠶᠡᠬᠡ ᠬᠤᠷᠠᠯ ᠵᠢᠴᠢ ᠨᠢᠭᠡᠳᠦᠭᠡᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠪᠠ
 
            