《ᠤᠤᠯ᠎ᠨᠢ ᠪᠥᠬᠦ ᠲᠣᠰᠬᠤᠨ᠎ᠳᠤ ᠤᠰᠤ ᠪᠤᠯᠢᠶᠠᠯᠳᠤᠵᠤ ᠪᠠᠶ᠋ᠢᠭᠰᠠᠨ ᠵᠶ᠋ᠠᠨ ᠣᠲᠣ 〈ᠤᠰᠤᠨ᠎ᠤ ᠬᠡᠮᠵᠢᠶᠡᠨ᠎ᠤ ᠬᠤᠪᠢᠶᠠᠷᠢᠯᠠᠯᠲᠠ ᠵᠢᠨ ᠬᠦᠰᠦᠨᠦᠭᠲᠦ〉 ᠵᠢ ᠨᠡᠭᠡᠭᠡᠵᠦ᠂ ᠬᠡᠨ ᠬᠡᠳᠦᠶ ᠤᠰᠤ ᠬᠡᠷᠡᠭᠯᠡᠬᠦ᠂ ᠬᠡᠳᠦᠢ ᠭᠠᠵᠠᠷ ᠤᠰᠤᠯᠠᠬᠤ ᠠᠷᠭ᠎ᠠ ᠵᠢ ᠴᠥᠮ ᠲᠣᠳᠣᠷᠬᠠᠶ ᠪᠢᠴᠢᠭᠰᠡᠨ ᠪᠠᠢ᠌ᠨ᠎ᠠ!》 ᠯᠢᠨᠰᠢ ᠪᠠᠯᠭ᠋ᠠᠰᠤ ᠵᠢᠨ ᠨᠠᠨ ᠮᠧᠨ ᠸᠠᠢ ᠲᠣᠰᠬᠤᠨ᠎ᠤ ᠵᠥᠪᠯᠡᠯ᠎ᠤᠨ ᠬᠤᠷᠠᠯ᠎ᠠᠴᠠ ᠡᠮᠦᠨ᠎ᠡ᠂ ᠲᠣᠰᠬᠤᠨ᠎ᠤ ᠠᠷᠠᠳ ᠰᠦᠨ ᠳ᠋ᠦᠩ ᠰᠢᠩ ᠬᠡᠷᠡᠮ ᠳᠡᠭᠡᠷ᠎ᠡ ᠵᠠᠷᠯᠠᠨ ᠨᠡᠶ᠋ᠢᠲᠡᠯᠡᠭᠰᠡᠨ 《ᠯᠢᠨᠰᠢ ᠰᠢᠶᠠᠨ᠎ᠤ 2025 ᠣᠨ᠎ᠤ ᠡᠯ᠎ᠡ ᠵᠠᠰᠠᠭ ᠵᠠᠬᠢᠷᠭ᠋ᠠᠨ᠎ᠤ ᠲᠣᠰᠬᠤᠨ᠎ᠤ ᠤᠰᠤᠨ᠎ᠤ ᠡᠬᠢ ᠰᠤᠷᠪᠤᠯᠵᠢ᠂ ᠠᠵᠢᠯ ᠲᠦᠷᠦᠯ᠎ᠤᠨ ᠤᠰᠤ ᠬᠡᠷᠡᠭᠯᠡᠬᠦ ᠭᠦᠢ᠍ᠴᠡᠳᠭᠡᠯ ᠲᠤᠭ᠎ᠠ ᠵᠢᠨ ᠬᠤᠪᠢᠶᠠᠷᠢᠯᠠᠯᠲᠠ ᠵᠢᠨ ᠬᠦᠰᠦᠨᠦᠭᠲᠦ》 ᠵᠢ ᠵᠢᠭ᠋ᠠᠵᠤ ᠰᠡᠳᠬᠢᠯ ᠳᠣᠭᠳᠣᠯᠤᠨ ᠶᠠᠷᠢᠨ᠎ᠠ᠃ ᠡᠨᠡ ᠬᠦ᠌ ᠬᠦᠰᠦᠨᠦᠭᠲᠦ᠎ᠨᠢ ᠪᠥᠬᠦ ᠰᠢᠶᠠᠨ᠎ᠤ 9262 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠤᠰᠤᠨ᠎ᠤ ᠡᠬᠢ ᠪᠠᠶᠠᠯᠢᠭ᠎ᠢ 11 ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ 104 ᠲᠣᠰᠬᠤᠨ᠎ᠳᠤ ᠣᠨᠣᠪᠴᠢᠲᠠᠶ ᠬᠤᠪᠢᠶᠠᠷᠢᠯᠠᠵᠤ᠂ ᠠᠮᠢᠳᠤᠷᠠᠯ᠎ᠳᠤ ᠬᠡᠷᠡᠭᠯᠡᠬᠦ ᠤᠰᠤᠨ᠎ᠠᠴᠠ ᠣᠶ ᠵᠢᠮᠢᠰ᠎ᠤᠨ ᠤᠰᠤᠯᠠᠯᠲᠠ᠎ᠳᠤ ᠬᠦᠷᠲᠡᠯ᠎ᠡ᠂ ᠳᠤᠰᠤᠯ ᠤᠰᠤ ᠨᠢᠭᠡᠪᠦᠷᠢ᠎ᠳᠤ ᠥᠪᠡᠷ᠎ᠤᠨ 《ᠪᠡᠶ᠎ᠡ ᠵᠢᠨ ᠦᠨᠡᠮᠯᠡᠯ》᠎ᠲᠠᠢ ᠪᠣᠯᠪᠠ᠃
ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ᠄ ᠨᠢᠭᠡ ᠳᠡᠪᠲᠡᠷ ᠲᠠᠩᠰᠠ 《ᠲᠦᠮᠡᠨ ᠳᠤᠰᠤᠯ ᠤᠰᠤ》 ᠵᠢ ᠬᠠᠮᠢᠶᠠᠷᠤᠨ᠎ᠠ
《ᠯᠢᠨᠰᠢ ᠰᠢᠶᠠᠨ᠎ᠤ 2025 ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠬᠦᠰᠦᠨᠦᠭᠲᠦ》 ᠵᠢ ᠤᠷᠪᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠤᠰᠤ ᠲᠣᠬᠢᠷᠠᠭᠤᠯᠬᠤ 《ᠨᠢᠭᠤᠴᠠ ᠨᠣᠮᠧᠷ》᠎ᠢ ᠲᠣᠳᠣᠷᠬᠠᠶ ᠣᠯᠵᠤ ᠬᠠᠷᠠᠨ᠎ᠠ᠃ ᠪᠦᠬᠦ ᠰᠢᠶᠠᠨ᠎ᠤ ᠶᠡᠷᠦᠩᠬᠡᠶ ᠤᠰᠤᠨ᠎ᠤ ᠬᠡᠮᠵᠢᠶ᠎ᠡ ᠵᠢ ᠭᠠᠵᠠᠷ ᠳᠣᠤᠷᠠᠬᠢ ᠤᠰᠤ᠂ ᠭᠠᠵᠠᠷ᠎ᠤᠨ ᠭᠠᠳᠠᠷᠭᠤ ᠵᠢᠨ ᠤᠰᠤ ᠪᠠ ᠳᠠᠬᠢᠯᠲᠠ ᠤᠰᠤ ᠭᠡᠵᠦ ᠭᠤᠷᠪᠠᠨ ᠶᠡᠭᠡ ᠲᠥᠷᠥᠯ ᠬᠤᠪᠢᠶᠠᠵᠤ᠂ ᠵᠠᠰᠠᠭ ᠵᠠᠬᠢᠷᠭ᠋ᠠᠨ᠎ᠤ ᠲᠣᠰᠬᠤᠨ ᠨᠢᠭᠡᠪᠦᠷᠢ᠎ᠳᠤ ᠣᠨᠣᠪᠴᠢᠲᠠᠶ ᠬᠤᠪᠢᠶᠠᠷᠢᠯᠠᠪᠠ᠃ ᠯᠢᠨᠰᠢ ᠪᠠᠯᠭ᠋ᠠᠰᠤ ᠵᠢᠨ ᠡᠮᠦᠨ᠎ᠡ ᠵᠡᠭᠡᠯᠢ ᠲᠣᠰᠬᠤᠨ ᠵᠶ᠋ᠠᠷ ᠵᠢᠱ᠌ᠢᠶ᠎ᠡ ᠪᠣᠯᠭ᠋ᠠᠵᠤ᠂ ᠠᠮᠢᠳᠤᠷᠠᠯ᠎ᠳᠤ ᠬᠡᠷᠡᠭᠯᠡᠬᠦ ᠤᠰᠤ ᠵᠢ 140 ᠲᠦᠮᠡᠨ ᠪᠣᠰᠤᠭ᠎ᠠ ᠳᠥᠷᠪᠡᠯᠵᠢᠨ ᠮᠸᠲᠷ ᠬᠤᠪᠢᠶᠠᠷᠢᠯᠠᠨ ᠥᠭᠴᠦ᠂ ᠠᠮᠢ ᠠᠬᠤᠢ ᠵᠢᠨ ᠣᠷᠴᠢᠨ ᠲᠣᠭᠤᠷᠢᠨ᠎ᠤ ᠬᠡᠷᠡᠭᠯᠡᠬᠦ ᠤᠰᠤ ᠵᠢ 84 ᠲᠦᠮᠡᠨ ᠪᠣᠰᠤᠭ᠎ᠠ ᠳᠥᠷᠪᠡᠯᠵᠢᠨ ᠮᠸᠲᠷ ᠬᠤᠪᠢᠶᠠᠷᠢᠯᠠᠨ ᠥᠭᠴᠦ᠂ ᠤᠶᠤᠨᠲᠤ ᠤᠰᠤᠨ᠎ᠤ ᠬᠡᠮᠵᠢᠭᠦᠷ᠎ᠨᠢ ᠬᠡᠮᠵᠢᠶ᠎ᠡ᠎ᠠᠴᠠ ᠬᠡᠲᠦᠷᠡᠭᠰᠡᠨ ᠠᠦ᠋ᠲ᠋ᠣ᠋ ᠰᠡᠷᠡᠮᠵᠢᠯᠡᠭᠦᠯᠦᠯ᠎ᠢ ᠴᠠᠭ ᠲᠤᠬᠠᠶ᠎ᠳᠤᠨᠢ ᠬᠢᠨᠠᠨ ᠡᠵᠡᠮᠳᠡᠪᠡ; ᠭᠤᠸᠠᠨ ᠳ᠋ᠢ ᠪᠠᠯᠭ᠋ᠠᠰᠤ ᠵᠢᠨ ᠶᠠᠩ ᠵᠢᠶᠠ ᠶᠢᠩᠽᠢ ᠲᠣᠰᠬᠤᠨ 5 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ ᠵᠢ 122 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠤᠰᠤ᠎ᠲᠠᠢ ᠨᠢᠭᠲᠠ ᠵᠣᠯᠭ᠋ᠠᠭᠤᠯᠪᠠ; ᠱᠡᠭᠡᠷᠲᠦ ᠰᠢᠶᠠᠩ᠎ᠤᠨ 《ᠴᠠᠭ᠎ᠤᠨ ᠬᠡᠮᠵᠢᠭᠦᠷ ᠵᠶ᠋ᠠᠷ ᠤᠰᠤ ᠠᠷᠪᠢᠯᠠᠬᠤ》 ᠰᠢᠨ᠎ᠡ ᠵᠠᠭᠪᠤᠷ᠎ᠨᠢ ᠲᠥᠬᠦᠭᠡᠷᠦᠮᠵᠢᠲᠦ ᠲᠠᠷᠢᠶᠠᠯᠠᠩ᠎ᠤᠨ ᠳᠤᠯᠠᠭ᠋ᠠᠨ ᠬᠦᠯᠡᠮᠵᠢ ᠵᠢ ᠤᠰᠤ ᠪᠣᠷᠳᠣᠭᠤᠷ᠎ᠢ ᠨᠢᠭᠡ ᠴᠤᠬ᠍ᠴᠠᠵᠢᠭᠤᠯᠤᠬᠰᠠᠨ ᠤᠰᠤ ᠠᠷᠪᠢᠯᠠᠬᠤ 15% ᠵᠢᠨ ᠰᠠᠭᠤᠷᠢᠨ ᠳᠡᠭᠡᠷ᠎ᠡ ᠳᠠᠬᠢᠨ 8 ᠵᠠᠭᠤᠨ᠎ᠤ ᠴᠡᠭ ᠪᠠᠭᠤᠷᠠᠭᠤᠯᠪᠠ ᠁
ᠬᠠᠤᠯᠢ ᠵᠢ ᠴᠢᠩᠭ᠎ᠠ ᠬᠡᠷᠡᠭᠵᠢᠭᠦᠯᠬᠦ᠄ 《ᠬᠤᠳᠳᠤᠭ᠎ᠢ ᠪᠢᠲᠡᠭᠦᠮᠵᠢᠯᠡᠨ ᠡᠬᠢ ᠰᠤᠷᠪᠤᠯᠵᠢ ᠵᠢ ᠬᠠᠮᠠᠭ᠋ᠠᠯᠠᠬᠤ》 ᠪᠤᠳᠠᠳᠦ ᠠᠮᠵᠢᠯᠲᠠ ᠵᠢ ᠦᠵᠡᠨ᠎ᠡ
《ᠣᠯᠠᠨ ᠲᠦᠮᠡᠨ ᠨᠢᠭᠡ ᠯᠡ ᠣᠳᠠᠰᠳᠤᠪᠠᠯ᠂ ᠬᠠᠤᠯᠢ ᠬᠡᠷᠡᠭᠵᠢᠭᠦᠯᠬᠦ ᠠᠩᠭᠢ ᠬᠡᠳᠦᠬᠡᠨ ᠴᠠᠭ᠎ᠤᠨ ᠳᠣᠲᠣᠷ᠎ᠠ ᠬᠦᠷᠦᠭᠡᠳ ᠢᠷᠡᠨ᠎ᠡ!》 ᠭᠡᠵᠦ ᠬᠡᠯᠡᠪᠡ᠃ ᠨᠢᠭᠡᠨ ᠰᠢᠶᠠᠩ ᠪᠠᠯᠭ᠋ᠠᠰᠤᠨ᠎ᠤ ᠭᠠᠴᠠᠭ᠋ᠠᠨ᠎ᠤ ᠠᠷᠠᠳ ᠰᠠᠶᠢᠬᠠᠨ ᠪᠢᠲᠡᠭᠦᠮᠵᠢᠯᠡᠵᠦ ᠵᠣᠭᠰᠣᠭ᠋ᠠᠭᠰᠠᠨ ᠮᠠᠰᠢᠨ ᠬᠤᠳᠳᠤᠭ᠎ᠢ ᠵᠢᠭ᠋ᠠᠭ᠋ᠠᠳ ᠰᠡᠳᠬᠢᠯ ᠬᠥᠳᠡᠯᠦᠨ ᠬᠡᠯᠡᠪᠡ᠃ ᠤᠰᠤᠨ ᠠᠰᠢᠭᠯᠠᠯᠲᠠ ᠵᠢᠨ ᠲᠣᠪᠴᠢᠶ᠎ᠠ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠵᠢ ᠨᠡᠪᠲᠡᠷᠡᠭᠦᠯᠦᠭᠰᠡᠨ᠎ᠤ ᠳᠠᠷᠠᠭ᠎ᠠ᠂ ᠣᠯᠠᠨ ᠲᠦᠮᠡᠨ ᠲᠣᠭᠲᠠᠭ᠋ᠠᠯ᠎ᠠᠴᠠ ᠵᠥᠷᠢᠴᠡᠨ ᠤᠰᠤ ᠲᠠᠲᠠᠭᠰᠠᠨ᠎ᠢ ᠣᠯᠵᠤ ᠮᠡᠳᠡᠪᠡᠯ ᠵᠥᠪᠬᠡᠨ ᠤᠲᠠᠰᠤ ᠠᠪᠤᠪᠠᠯ ᠪᠣᠯᠴᠢᠬᠠᠨ᠎ᠠ᠂ ᠬᠠᠤᠯᠢ ᠬᠡᠷᠡᠭᠵᠢᠭᠦᠯᠬᠦ ᠠᠵᠢᠯᠲᠠᠨ 24 ᠴᠠᠭ᠎ᠤᠨ ᠳᠣᠲᠣᠷ᠎ᠠ ᠵᠠᠪᠠᠯ ᠰᠢᠢ᠍ᠳᠪᠦᠷᠢᠯᠡᠵᠦ ᠳᠠᠭᠤᠰᠬᠠᠬᠤ ᠬᠡᠷᠡᠭᠲᠡᠢ᠂ ᠥᠩᠭᠡᠷᠡᠭᠰᠡᠨ᠎ᠤ 《ᠢᠯᠡᠴᠢᠯᠡᠨ ᠮᠡᠳᠡᠭᠦᠯᠬᠦ᠎ᠳᠤ ᠬᠦᠴᠢᠷ᠂ ᠰᠢᠢ᠍ᠳᠪᠦᠷᠢᠯᠡᠬᠦ᠎ᠳᠤ ᠤᠳᠠᠭ᠋ᠠᠨ》 ᠪᠠᠶ᠋ᠢᠬᠤ ᠪᠠᠶ᠋ᠢᠳᠠᠯ᠎ᠢ ᠲᠦᠢ᠍ᠯᠪᠤᠷᠢᠲᠠᠶ ᠬᠤᠪᠢᠷᠠᠭᠤᠯᠪᠠ᠃ ᠭᠡᠲᠡᠯ᠎ᠡ ᠬᠤᠳᠳᠤᠭ ᠪᠢᠲᠡᠭᠦᠮᠵᠢᠯᠡᠭᠰᠡᠨ ᠠᠵᠤ ᠠᠬᠤᠢ᠌ᠯᠠᠯ᠎ᠳᠤ ᠠᠪᠴᠤ ᠬᠡᠯᠡᠪᠡᠯ᠂ ᠦᠵᠡᠬᠦ᠎ᠳᠤ 《ᠡᠳ᠋᠎ᠤᠨ ᠵᠠᠰᠠᠭ᠎ᠤᠨ ᠵᠠᠮ᠎ᠢ ᠲᠠᠰᠤᠯᠤᠭᠰᠠᠨ》 ᠴᠡᠭᠴᠡᠯᠡᠨ ᠵᠠᠰᠠᠯᠲᠠ᠎ᠨᠢ ᠭᠡᠳᠡᠷᠭᠦ᠎ᠪᠠᠨ ᠬᠠᠷᠢᠨ ᠰᠢᠨ᠎ᠡ ᠠᠵᠠ ᠲᠣᠬᠢᠶᠠᠯ᠎ᠢ ᠠᠪᠴᠢᠷᠠᠭᠰᠠᠨ ᠪᠠᠢ᠌ᠨ᠎ᠠ᠃ ᠵᠠᠷᠢᠮ ᠠᠵᠤ ᠠᠬᠤᠶ᠋ᠢᠯᠠᠯ ᠥᠪᠡᠰᠦᠪᠡᠨ ᠪᠡᠯᠡᠳᠬᠡᠭᠰᠡᠨ ᠬᠤᠳᠳᠤᠭ ᠵᠶ᠋ᠠᠨ ᠪᠢᠲᠡᠭᠦᠮᠵᠢᠯᠡᠨ ᠬᠠᠮᠢᠶᠠᠷᠴᠤ ᠲᠣᠤᠷ ᠵᠶ᠋ᠠᠨ ᠪᠠᠶ᠋ᠢᠭᠤᠯᠤᠭᠰᠠᠨ᠎ᠤ ᠳᠠᠷᠠᠭ᠎ᠠ᠂ ᠵᠢᠯ ᠪᠦᠷᠢ ᠤᠰᠤ ᠴᠠᠬᠢᠯᠭ᠋ᠠᠨ᠎ᠤ ᠰᠦᠢ᠍ᠳᠭᠡᠯ᠎ᠢ ᠠᠷᠪᠢᠯᠠᠭᠰᠠᠨ ᠵᠶ᠋ᠠᠷ ᠪᠠᠷᠠᠬᠤ ᠥᠬᠡᠶ᠂ ᠪᠠᠰᠠ ᠤᠰᠤ᠎ᠪᠠᠷ ᠲᠣᠭᠲᠠᠭ᠋ᠠᠯ᠎ᠳᠤ ᠨᠡᠶ᠋ᠢᠴᠡᠭᠦᠯᠦᠨ ᠵᠠᠬ᠎ᠠ ᠳᠡᠯᠭᠡᠭᠦᠷ᠎ᠤᠨ ᠵᠥᠪᠰᠢᠶᠡᠷᠡᠯ᠎ᠢ ᠭᠥᠷᠳᠡᠭᠰᠡᠨ ᠪᠣᠯᠬᠤᠷ ᠲᠣᠰ ᠠᠵᠤ ᠠᠬᠤᠶ᠋ᠢᠯᠠᠯ᠎ᠤᠨ ᠵᠠᠬᠢᠷᠤᠯ᠄ 《ᠣᠲᠣ ᠠᠮᠢ ᠠᠬᠤᠶ ᠵᠢᠨ ᠲᠠᠩᠰᠠ ᠪᠠ ᠠᠵᠤ ᠠᠬᠤᠶ ᠵᠢᠨ ᠲᠠᠩᠰᠠ ᠵᠢ ᠲᠣᠳᠣᠷᠬᠠᠶ ᠪᠤᠳᠤᠵᠤ ᠪᠠᠶ᠋ᠢᠨ᠎ᠠ᠂ ᠡᠨᠡ ᠬᠦ᠌ ᠴᠡᠭᠴᠡᠯᠡᠨ ᠰᠠᠶ᠋ᠢᠵᠢᠷᠠᠭᠤᠯᠤᠯᠲᠠ᠎ᠨᠢ ᠬᠢᠷᠢ ᠲᠡᠩᠴᠡᠪᠡ!》 ᠭᠡᠵᠦ ᠬᠡᠯᠡᠪᠡ᠃ 2024 ᠣᠨ᠎ᠳᠤ᠂ ᠪᠥᠬᠦ ᠰᠢᠶᠠᠨ᠎ᠳᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠡᠷᠡᠭ᠎ᠢ ᠨᠡᠶ᠋ᠢᠲᠡ 24 ᠬᠤᠪᠢ ᠪᠠᠶ᠋ᠢᠴᠠᠭ᠋ᠠᠨ ᠰᠢᠢ᠍ᠳᠪᠦᠷᠢᠡᠯᠵᠦ᠂ 24 ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠷᠯᠢᠭᠳᠠᠨ ᠵᠣᠭᠰᠣᠭ᠋ᠠᠵᠤ᠂ ᠬᠠᠤᠯᠢ ᠶᠣᠰᠣᠭ᠋ᠠᠷ 49.5 ᠲᠦᠮᠡᠨ ᠲᠥᠭᠦᠷᠢᠭ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠥᠭᠪᠡ᠃
ᠤᠰᠤᠨ᠎ᠤ ᠬᠠᠤᠯᠢ ᠵᠢ ᠬᠥᠳᠡᠭᠡ ᠪᠠᠭᠤᠯᠭ᠋ᠠᠬᠤ᠄ ᠲᠣᠰᠬᠤᠨ᠎ᠤ ᠺᠠᠳ᠋ᠷ 《ᠤᠰᠤᠨ ᠬᠠᠮᠢᠶᠠᠷᠤᠭᠴᠢ》 ᠪᠣᠯᠪᠠ
《ᠲᠠᠷᠢᠶ᠎ᠠ ᠤᠰᠤᠯᠠᠬᠤ᠎ᠳᠤ ᠤᠰᠤ ᠬᠡᠷᠡᠭᠯᠡᠬᠦ᠎ᠳᠤ ᠳᠤᠷ᠎ᠠ᠎ᠪᠠᠷ ᠵᠶ᠋ᠠᠨ ᠪᠠᠶ᠋ᠢᠵᠤ ᠪᠣᠯᠬᠤ ᠦᠭᠡᠢ᠂ ᠳᠤᠷ᠎ᠠ᠎ᠪᠠᠷ ᠵᠶ᠋ᠠᠨ ᠮᠠᠯᠲᠠᠬᠤ ᠬᠠᠤᠯᠢ᠎ᠠᠴᠠ ᠵᠥᠷᠢᠴᠡᠪᠡᠯ᠂ ᠬᠡᠮᠵᠢᠶ᠎ᠡ᠎ᠠᠴᠠ ᠬᠡᠲᠦᠷᠡᠭᠦᠯᠦᠨ ᠦᠨ᠎ᠡ ᠥᠰᠬᠡᠨᠠ!》᠎ᠲᠤ ᠮᠢᠶᠣᠣ ᠽᠢ ᠲᠣᠰᠬᠤᠨ᠎ᠤ ᠠᠷᠠᠳ᠎ᠤᠨ ᠵᠥᠪᠯᠡᠯ᠎ᠤᠨ ᠬᠤᠷᠠᠯ᠎ᠤᠨ ᠭᠡᠷ᠎ᠲᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠠᠰᠤᠭ᠎ᠤᠨ ᠠᠵᠢᠯᠲᠠᠨ 《ᠤᠰᠤᠨ᠎ᠤ ᠬᠠᠤᠯᠢ》 ᠵᠢᠨ ᠵᠢᠷᠠ ᠶᠢᠰᠦᠳᠦᠭᠡᠷ ᠵᠤᠷᠪᠤᠰ᠎ᠢ ᠵᠢᠭ᠋ᠠᠵᠤ᠂ ᠲᠣᠰᠬᠣᠨ᠎ᠤ 10 ᠭᠠᠷᠤᠢ ᠺᠠᠳ᠋ᠷ᠎ᠲᠤ ᠲᠠᠢ᠌ᠯᠪᠤᠷᠢᠯᠠᠨ ᠶᠠᠷᠢᠵᠤ᠂ 《ᠵᠥᠪᠰᠢᠶᠡᠷᠡᠯ ᠦᠭᠡᠢ᠎ᠪᠠᠷ ᠭᠠᠵᠠᠷ ᠳᠣᠤᠷᠠᠬᠢ ᠤᠰᠤ ᠵᠢ ᠳᠤᠷ᠎ᠠ᠎ᠪᠠᠷ ᠵᠶ᠋ᠠᠨ ᠮᠠᠯᠲᠠᠵᠤ᠂ ᠬᠤᠶᠠᠷ ᠲᠦᠮᠡᠨ ᠲᠥᠭᠦᠷᠢᠭ᠎ᠠᠴᠠ ᠳᠡᠭᠡᠭᠰᠢ ᠠᠷᠪᠠᠨ ᠲᠦᠮᠡᠨ ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ》᠃ ᠯᠢᠨᠰᠢ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠎ᠠᠴᠠ ᠡᠯ᠎ᠡ ᠲᠣᠰᠬᠤᠨ᠎ᠳᠤ ᠴᠥᠮ 《ᠯᠢᠨᠰᠢ ᠰᠢᠶᠠᠨ᠎ᠤ 2025 ᠣᠨ᠎ᠤ ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠬᠦᠰᠦᠨᠦᠭᠲᠦ》 ᠵᠢ ᠲᠠᠷᠬᠠᠭ᠋ᠠᠵᠤ᠂ ᠲᠣᠰᠬᠤᠨ᠎ᠤ ᠺᠠᠳ᠋ᠷ ᠠᠵᠢᠯᠲᠠᠨ ᠡᠯ᠎ᠡ ᠲᠣᠰᠬᠤᠨ᠎ᠤ ᠣᠨ᠎ᠤ ᠬᠤᠪᠢᠶᠠᠷᠢ ᠠᠵᠢᠯ ᠲᠥᠷᠥᠯ᠎ᠤᠨ ᠤᠰᠤ ᠬᠡᠷᠡᠭᠯᠡᠬᠦ ᠨᠠᠷᠢᠨ ᠲᠣᠳᠣᠷᠬᠠᠶ ᠭᠦᠢ᠍ᠴᠡᠳᠬᠡᠯ ᠲᠤᠭ᠎ᠠ ᠵᠢᠨ 《ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠨᠠᠷᠢᠨ ᠲᠣᠳᠣᠷᠬᠠᠢ》 ᠵᠢ ᠳᠠᠷᠤᠮᠠᠯᠯᠠᠨ ᠲᠠᠷᠬᠠᠭ᠋ᠠᠪᠠ᠃ᠲᠤ ᠮᠢᠶᠣᠣ ᠽᠢ ᠲᠣᠰᠬᠤᠨ᠎ᠤ ᠱᠦᠵᠢ ᠵᠠᠩ ᠰᠢᠶᠠᠨ ᠹᠠ ᠲᠣᠰᠬᠤᠨ᠎ᠤ ᠠᠷᠠᠳ᠎ᠤᠨ ᠬᠤᠷᠠᠯ ᠬᠤᠷᠠᠯᠳᠤᠭᠤᠯᠵᠤ ᠲᠣᠰᠬᠤᠨ᠎ᠤ ᠠᠷᠠᠳ᠎ᠤᠨ ᠬᠤᠷᠠᠯ ᠬᠤᠷᠠᠯᠳᠤᠭᠤᠯᠵᠤ᠄ 《ᠮᠠᠨ᠎ᠤ ᠲᠣᠰᠬᠤᠨ᠎ᠤ ᠵᠢᠯ ᠪᠦᠷᠢ ᠵᠢᠨ ᠤᠰᠤᠯᠠᠯᠲᠠ ᠵᠢᠨ ᠤᠰᠤᠨ᠎ᠤ ᠭᠦᠢ᠍ᠴᠡᠳᠬᠡᠯ ᠲᠤᠭ᠎ᠠ 84 ᠲᠦᠮᠡᠨ ᠪᠣᠰᠤᠭ᠎ᠠ ᠳᠥᠷᠪᠡᠯᠵᠢᠨ ᠮᠸᠲᠷ》 ᠭᠡᠪᠡ᠃ ᠲᠣᠰᠬᠤᠨ᠎ᠤ ᠠᠷᠠᠳ ᠲᠢᠶᠠᠨ ᠵᠦᠩ ᠱᠧᠩ ᠬᠡᠯᠡᠬᠦ᠎ᠳᠡᠭᠡᠨ᠄ 《ᠣᠳᠣ ᠲᠠᠷᠢᠶ᠎ᠠ ᠤᠰᠤᠯᠠᠬᠤ᠎ᠳᠤ ᠤᠷᠢᠳ ᠵᠶ᠋ᠠᠷ 《ᠤᠰᠤᠨ᠎ᠤ ᠬᠠᠤᠯᠢ》 ᠵᠢ ᠦᠵᠡᠬᠦ᠎ᠨᠢ ᠶᠠᠭ ᠲᠡᠷᠭᠡ ᠵᠢᠯᠣᠭᠤᠳᠬᠤ᠎ᠲᠠᠢ ᠠᠳᠠᠯᠢ᠎ᠪᠠᠷ ᠤᠷᠢᠳ ᠵᠶ᠋ᠠᠷ ᠤᠯᠠᠭ᠋ᠠᠨ ᠨᠣᠭᠤᠭ᠋ᠠᠨ ᠳ᠋ᠧᠩ᠎ᠢ ᠦᠵᠡᠵᠦ ᠪᠠᠶ᠋ᠢᠬᠤ ᠠᠳᠠᠯᠢ》 ᠭᠡᠪᠡ᠃
ᠨᠠᠷᠢᠯᠢᠭ ᠤᠰᠤᠯᠠᠬᠤ᠄ ᠪᠣᠬᠢᠷᠳᠤᠯ ᠦᠭᠡᠢ ᠤᠰᠤᠨ᠎ᠠᠴᠠ 《ᠠᠯᠲᠠᠨ ᠠᠶᠠᠭ᠎ᠠ》 ᠤᠷᠤᠰᠤᠨ᠎ᠠ
ᠨᠠᠷᠢᠨ ᠨᠢᠭᠲᠠ ᠪᠤᠳᠤᠭᠰᠠᠨ ᠤᠰᠤ ᠠᠷᠪᠢᠯᠠᠬᠤ ᠲᠠᠩᠰᠠ ᠵᠢ ᠣᠲᠣ ᠶᠠᠭ ᠨᠢᠳᠦᠨ᠎ᠳᠤ ᠦᠵᠡᠭᠳᠡᠮ᠎ᠡ ᠠᠮᠢ ᠠᠬᠤᠢ ᠵᠢᠨ ᠦᠷ᠎ᠡ ᠠᠰᠢᠭ ᠪᠣᠯᠭ᠋ᠠᠨ ᠬᠤᠪᠢᠷᠠᠭᠤᠯᠵᠤ ᠪᠠᠢ᠌ᠨ᠎ᠠ᠃ 2018 ᠣᠨ᠎ᠠᠴᠠ ᠨᠠᠭ᠋ᠠᠰᠢ᠂ ᠰᠢᠨ ᠴᠧᠩ ᠽᠢ ᠪᠠᠯᠭ᠋ᠠᠰᠤᠨ᠎ᠤ ᠳ᠋ᠠ ᠵᠢᠨ ᠭ᠋ᠸᠦ ᠲᠣᠰᠬᠤᠨ ᠣᠯᠠᠨ᠎ᠠᠴᠠ ᠬᠡᠲᠦ᠋ᠢ᠍ᠳᠦᠭᠰᠡᠨ ᠭᠠᠵᠠᠷ ᠵᠦᠶ ᠵᠢᠨ ᠨᠥᠬᠦᠴᠡᠯ᠎ᠳᠤ ᠲᠦᠰᠢᠭᠯᠡᠨ᠂ 《ᠨᠠᠮ᠎ᠤᠨ ᠡᠭᠦᠷ᠎ᠠᠴᠠ ᠳᠠᠭ᠋ᠠᠭᠤᠯᠬᠤ + ᠬᠤᠷᠰᠢᠶᠠᠵᠢᠯ᠎ᠤᠨ ᠠᠵᠢᠯᠯᠠᠭ᠎ᠠ + ᠲᠠᠷᠠᠬᠠᠢ ᠪᠤᠲᠠᠷᠬᠠᠢ ᠡᠷᠦᠬᠡ᠎ᠳᠤ ᠳᠠᠷᠢᠬᠤ》 ᠭᠤᠷᠪᠠᠨ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢᠨ ᠰᠢᠨ᠎ᠡ ᠵᠢ ᠡᠭᠦᠳᠦᠨ ᠬᠡᠷᠡᠭᠵᠢᠭᠦᠯᠵᠦ᠂ ᠲᠠᠷᠢᠬᠤ᠂ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠬᠠᠩᠭ᠋ᠠᠯᠭ᠎ᠠ ᠵᠢᠨ ᠬᠡᠯᠬᠢᠶ᠎ᠡ ᠵᠢ ᠢᠵᠢ ᠪᠦᠷᠢᠳᠦᠭᠦᠯᠦᠨ ᠪᠠᠶ᠋ᠢᠭᠤᠯᠵᠤ᠂ ᠣᠶ ᠵᠢᠨ ᠬᠤᠷᠮᠣᠶ ᠵᠢᠨ ᠠᠵᠤ ᠠᠬᠤᠶ ᠬᠢᠭᠡᠳ 《ᠵᠢᠮᠢᠰ ᠪᠠ ᠡᠮ᠎ᠢ ᠠᠯᠠᠭᠯᠠᠨ ᠳᠠᠷᠢᠬᠤ》 ᠬᠠᠮ ᠠᠵᠤ ᠦᠢ᠍ᠯᠡᠰ᠎ᠤᠨ ᠰᠢᠰᠲ᠋ᠧᠮ᠎ᠢ ᠠᠮᠵᠢᠯᠲᠠ᠎ᠲᠠᠢ ᠪᠠᠶ᠋ᠢᠭᠤᠯᠪᠠ᠃ ᠣᠳᠣᠬᠠᠨ᠎ᠳᠤ᠂ ᠪᠦᠬᠦ ᠲᠣᠰᠬᠤᠨ᠎ᠳᠤ ᠨᠢᠭᠡᠨᠲᠡ 2200 ᠭᠠᠷᠤᠢ ᠮᠦ᠍ ᠮᠧᠩ ᠶᠧ ᠵᠢᠮᠢᠰ ᠲᠠᠷᠢᠵᠤ᠂ ᠠᠭᠴᠢᠭ᠋ᠠᠬᠠᠢ ᠵᠢᠨ ᠬᠠᠯᠢᠰᠦ᠂ ᠴᠢᠨ᠋ᠸ᠎ᠠ ᠵᠢᠨ ᠬᠠᠯᠳᠠᠷ᠂ ᠤᠯᠠᠭ᠋ᠠᠨ ᠴᠠᠨ᠎ᠠ᠂ ᠰᠠᠯᠬᠢ ᠰᠡᠷᠭᠡᠶ᠋ᠢᠯᠡᠬᠦ ᠵᠡᠷᠭᠡ ᠵᠢᠩᠬᠢᠨᠢ ᠡᠮ᠎ᠤᠨ ᠮᠠᠲ᠋ᠧᠷᠢᠶᠠᠯ ᠲᠠᠷᠢᠬᠤ ᠵᠢ ᠵᠡᠷᠭᠡ᠎ᠪᠡᠷ ᠬᠥᠭᠵᠢᠭᠦᠯᠵᠦ᠂ ᠵᠢᠯ᠎ᠳᠤ 11 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠬᠤ ᠵᠢ ᠪᠡᠶᠡᠯᠡᠭᠦᠯᠬᠦ ᠵᠢᠨ ᠬᠠᠮᠲᠤ᠂ ᠡᠷᠦᠬᠡ ᠵᠢ ᠳᠠᠶ᠋ᠢᠴᠢᠯᠠᠨ ᠵᠢᠯ᠎ᠤᠨ ᠣᠷᠣᠯᠭ᠎ᠠ ᠵᠢ 1.5 ᠲᠦᠮᠡ ᠭᠠᠷᠤᠢ ᠲᠥᠭᠦᠷᠢᠭ ᠨᠡᠮᠡᠭᠳᠡᠭᠦᠯᠪᠡ᠃ ᠳᠠᠪᠬᠤᠷᠳᠠᠭᠰᠠᠨ ᠱᠠᠲᠤᠨ ᠲᠠᠷᠢᠶᠠᠨ᠎ᠤ ᠥᠨᠳᠥᠷ ᠭᠠᠵᠠᠷ᠎ᠲᠤ ᠵᠣᠭᠰᠣᠬᠤ᠎ᠳᠤ᠂ ᠲᠣᠰᠬᠤᠨ᠎ᠤ ᠱᠦᠵᠢ ᠸᠠᠩ ᠵᠢᠨ ᠲᠠᠩ ᠳᠤᠰᠤᠯᠭ᠋ᠠᠨ ᠤᠰᠤᠯᠠᠬᠤ ᠬᠤᠭᠤᠯᠠᠶ ᠵᠢ ᠲᠡᠮᠲᠡᠷᠢᠵᠦ᠄ 《ᠡᠭᠦᠨ᠎ᠢ ᠤᠰᠤᠨ ᠬᠣᠭᠣᠯᠠᠢ ᠭᠡᠵᠦ ᠬᠡᠯᠡᠬᠦ ᠦᠦ ᠳ᠋ᠠ? ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠠᠯᠳᠠᠨ ᠲᠦᠯᠬᠢᠭᠦᠷ ᠪᠣᠯᠬᠤ᠎ᠨᠢ ᠢᠯᠡᠬᠡᠨ ᠪᠠᠢ᠌ᠨ᠎ᠠ!》 ᠭᠡᠵᠦ ᠬᠡᠯᠡᠪᠡ᠃
《ᠤᠰᠤ ᠵᠢ ᠪᠤᠯᠢᠶᠠᠯᠳᠤᠨ ᠡᠶ᠎ᠡ ᠵᠢ ᠬᠣᠬᠢᠷᠠᠭᠤᠯᠬᠤ》᠎ᠠᠴᠠ 《ᠬᠣᠭᠣᠯᠠᠢ ᠤᠰᠤ ᠵᠢ ᠢᠳᠡ ᠬᠦᠴᠦᠨ᠎ᠲᠠᠢ ᠪᠣᠯᠭ᠋ᠠᠬᠤ》 ᠬᠦᠷᠲᠡᠯ᠎ᠡ᠂ ᠯᠢᠨᠰᠢ ᠰᠢᠶᠠᠨ ᠨᠢᠭᠡ ᠪᠦᠯᠦᠭ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠬᠦᠰᠦᠨᠦᠭᠲᠦ ᠬᠡᠷᠡᠭᠯᠡᠵᠦ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠲᠣᠮᠣ ᠶᠠᠪᠤᠳᠠᠯ᠎ᠢ ᠠᠮᠢᠳᠤᠯᠢᠭ ᠪᠢᠴᠢᠵᠡᠶ᠃ ᠣᠳᠣᠬᠠᠨ᠎ᠳᠤ᠂ ᠤᠶᠤᠨᠴᠢ ᠤᠰᠤᠨ᠎ᠤ ᠬᠦᠰᠦᠨᠦᠭ ᠲᠠᠷᠢᠶᠠᠨ ᠳᠤᠮᠳᠠ ᠭᠢᠯᠠᠯᠵᠠᠭᠰᠠᠨ ᠮᠦᠩᠬᠦᠨ ᠭᠡᠷᠡᠯ᠎ᠲᠠᠢ᠂ ᠤᠰᠤᠨ ᠲᠦᠪᠰᠢᠨ᠎ᠢ ᠬᠢᠨᠠᠨ ᠬᠡᠮᠵᠢᠬᠦ ᠰᠢᠰᠲ᠋ᠧᠮ ᠦᠷᠭᠦᠯᠵᠢᠯᠡᠨ ᠬᠤᠪᠢᠷᠠᠯᠲᠠ ᠭᠠᠷᠴᠤ᠂ ᠪᠠᠰᠠ ᠲᠣᠰᠬᠤᠨ᠎ᠤ ᠠᠷᠠᠳ᠎ᠤᠨ ᠵᠣᠭᠤᠰᠤᠨ᠎ᠤ ᠪᠣᠭᠴᠣᠨ᠎ᠳᠤ ᠢᠯᠡᠭᠦᠦ ᠠᠰᠢᠭ ᠣᠷᠣᠯᠭ᠎ᠠ ᠣᠯᠵᠤ᠂ ᠰᠠᠢ᠌ᠨ ᠠᠮᠢ ᠠᠬᠤᠢ ᠪᠣᠯ ᠰᠠᠶᠢ ᠠᠷᠠᠳ ᠤᠯᠠᠨ᠎ᠤ ᠬᠠᠮᠤᠭ᠎ᠤᠨ ᠪᠣᠳᠠᠲᠠᠢ ᠬᠦᠷᠲᠡᠮᠵᠢ ᠵᠢᠨ ᠲᠥᠷᠥᠭᠳᠡᠯ ᠮᠥᠨ ᠭᠡᠳᠡᠭ᠎ᠢ ᠬᠠᠮᠲᠤ᠎ᠪᠠᠷ ᠲᠣᠭ᠋ᠠᠴᠢᠨ ᠶᠠᠷᠢᠨ᠎ᠠ᠃