ᠬᠢᠩᠭ᠋ᠠᠨ ᠠᠶ᠋ᠢᠮᠠᠭ ᠶᠡᠷᠦᠩᠬᠡᠢ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠥᠷᠨᠢᠭᠦᠯᠬᠦ ᠲᠤᠬᠠᠢ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠭᠤᠷᠪᠠ ᠵᠢ ᠬᠠᠮᠢᠶᠠᠷᠬᠤ᠎ᠳᠤ ᠭᠤᠷᠪᠠᠨ ᠡᠷᠬᠡᠪᠰᠢ ᠵᠢ ᠭᠦᠢ᠍ᠴᠡᠳᠬᠡᠬᠦ》᠎ᠪᠠᠷ ᠵᠠᠷᠴᠢᠮ ᠪᠣᠯᠭ᠋ᠠᠵᠤ᠂ 《ᠨᠢᠭᠡ ᠵᠢᠷᠤᠭ᠂ ᠲᠦᠷᠪᠡᠨ ᠲᠦᠷᠢᠮ᠂ ᠲᠦᠷᠪᠡᠨ ᠣᠷᠣᠨ ᠪᠦᠰᠡ᠂ ᠲᠠᠪᠤ ᠵᠢ ᠣᠷᠣᠭᠤᠯᠬᠤ》 ᠤᠰᠤ ᠠᠷᠪᠢᠯᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠵᠦ᠂ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ᠃
《ᠨᠢᠭᠡ》 ᠤᠰᠤᠨ᠎ᠤ ᠡᠬᠢ ᠪᠠᠶᠠᠯᠢᠭ᠎ᠤᠨ ᠵᠢᠷᠤᠭ᠎ᠢ ᠪᠠᠷᠢᠵᠤ ᠬᠠᠮᠢᠶᠠᠷᠬᠤ ᠡᠵᠡᠮᠳᠡᠬᠦ ᠠᠳᠬᠤᠬᠤ ᠵᠢ ᠵᠢᠷᠤᠭᠯᠠᠪᠠ
ᠬᠢᠩᠭ᠋ᠠᠨ ᠠᠶ᠋ᠢᠮᠠᠭ 28 ᠭᠠᠵᠠᠷ ᠳᠣᠤᠷᠠᠬᠢ ᠤᠰᠤᠨ᠎ᠤ ᠨᠢᠭᠡᠴᠢ ᠵᠢᠨ ᠬᠠᠮᠢᠶᠠᠷᠤᠨ ᠡᠵᠡᠮᠳᠡᠬᠦ ᠬᠦᠢ᠍ᠴᠡᠳᠬᠡᠯ ᠲᠤᠭ᠎ᠠ᠎ᠪᠠᠷ ᠬᠠᠲᠠᠭᠤ ᠬᠢᠵᠠᠭ᠋ᠠᠷᠯᠠᠯ ᠪᠣᠯᠭ᠋ᠠᠵᠤ᠂ 4 ᠲᠠᠯ᠎ᠠ (ᠲᠠᠷᠢᠶᠠᠯᠠᠩ᠎ᠤᠨ ᠤᠰᠤᠯᠠᠯᠲᠠ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠬᠤᠲᠠ ᠪᠠᠯᠭ᠋ᠠᠰᠤᠨ᠎ᠤ ᠠᠮᠢᠳᠤᠷᠠᠯ ᠪᠠ ᠠᠮᠢ ᠠᠬᠤᠶ ᠵᠢᠨ ᠤᠰᠤ ᠨᠥᠬᠦᠪᠥᠷᠢᠯᠡᠬᠦ) ᠠᠴᠠ 5 ᠲᠦᠮᠡ ᠭᠠᠷᠤᠶ ᠮᠠᠰᠢᠨ ᠴᠠᠬᠢᠯᠭ᠋ᠠᠨ ᠬᠤᠳᠳᠤᠭ᠎ᠤᠨ ᠤᠰᠤᠨ᠎ᠤ ᠡᠬᠢ ᠪᠠᠶᠠᠯᠢᠭ᠎ᠢ ᠨᠤᠲᠠᠯᠠᠬᠤ᠂ ᠤᠰᠤ ᠠᠪᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠪᠠ ᠤᠰᠤ ᠬᠠᠩᠭ᠋ᠠᠬᠤ ᠬᠡᠮᠵᠢᠶ᠎ᠡ ᠵᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠵᠢᠴᠢ ᠵᠦᠶ ᠶᠣᠰᠣᠴᠢ ᠴᠢᠨᠠᠷ᠎ᠢ ᠣᠨᠣᠪᠴᠢᠲᠠᠶ ᠡᠵᠡᠮᠳᠡᠵᠦ᠂ ᠪᠥᠬᠦ ᠠᠶ᠋ᠢᠮᠠᠭ᠎ᠤᠨ ᠬᠠᠮᠢᠶᠠᠷᠤᠨ ᠡᠵᠡᠮᠳᠡᠬᠦ ᠬᠦᠢ᠍ᠴᠡᠳᠬᠡᠯ ᠲᠤᠭ᠎ᠠ᠂ ᠨᠢᠭᠡᠨᠲᠡ ᠬᠡᠷᠡᠭᠯᠡᠭᠰᠡᠨ ᠤᠰᠤᠨ᠎ᠤ ᠬᠡᠮᠵᠢᠶ᠎ᠡ ᠬᠢᠭᠡᠳ ᠤᠰᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠯᠦᠭᠡ ᠬᠠᠷᠢᠴᠠᠭ᠎ᠠ᠎ᠲᠠᠢ ᠤᠰᠤᠨ᠎ᠤ ᠡᠬᠢ ᠪᠠᠶᠠᠯᠢᠭ᠎ᠤᠨ 《ᠨᠢᠭᠡ ᠵᠢᠷᠤᠭ》᠎ᠢ ᠬᠥᠳᠡᠯᠦᠩᠭᠦᠶ᠎ᠪᠠᠷ ᠢᠯᠡᠷᠡᠭᠦᠯᠪᠡ᠃ 《ᠨᠢᠭᠡ ᠵᠢᠷᠤᠭ》᠎ᠤᠨ ᠬᠠᠮᠢᠶᠠᠷᠤᠨ ᠡᠵᠡᠮᠳᠡᠬᠦ ᠰᠦᠯᠵᠢᠶ᠎ᠡ᠎ᠪᠠᠷ ᠳᠠᠮᠵᠢᠭᠤᠯᠤᠨ᠂ ᠭᠠᠵᠠᠷ ᠳᠣᠤᠷᠠᠬᠢ ᠤᠰᠤ ᠵᠢ ᠠᠰᠢᠭᠯᠠᠬᠤ ᠵᠢ ᠴᠢᠩᠭ᠎ᠠ ᠬᠠᠮᠢᠶᠠᠷᠴᠤ᠂ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠵᠦᠶ ᠵᠣᠬᠢᠰ ᠥᠬᠡᠶ ᠤᠰᠤ ᠲᠠᠲᠠᠬᠤ ᠵᠢᠴᠢ ᠬᠦᠢ᠍ᠴᠡᠳᠬᠡᠯ ᠲᠤᠭ᠎ᠠ᠎ᠠᠴᠠ ᠬᠡᠲᠦᠷᠡᠭᠦᠯᠦᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠦᠢ᠍ᠯᠡ ᠠᠵᠢᠯᠯᠠᠭ᠎ᠠ ᠡᠭᠦᠰᠬᠦ ᠵᠢ ᠡᠷᠡᠰ ᠬᠤᠷᠢᠭᠯᠠᠵᠤ᠂ ᠪᠥᠬᠦ ᠠᠶ᠋ᠢᠮᠠᠭ᠎ᠤᠨ ᠭᠠᠵᠠᠷ ᠳᠣᠤᠷᠠᠬᠢ ᠤᠰᠤ ᠵᠢ ᠲᠠᠲᠠᠬᠤ ᠪᠠ ᠨᠥᠬᠦᠪᠥᠷᠢᠯᠡᠬᠦ ᠵᠢ ᠦᠷᠭᠦᠯᠵᠢᠯᠡᠨ ᠪᠠᠲᠤᠯᠠᠪᠠ᠃
《ᠳᠦᠷᠪᠡᠨ》 ᠵᠦᠢ᠍ᠯ᠎ᠤᠨ ᠳᠦᠷᠢᠮ᠎ᠤᠨ ᠰᠢᠰᠲ᠋ᠧᠮ᠎ᠢ ᠪᠠᠶ᠋ᠢᠭᠤᠯᠤᠨ ᠴᠢᠩᠭ᠎ᠠ ᠬᠢᠵᠠᠭ᠋ᠠᠷᠯᠠᠪᠠ
ᠨᠢᠭᠡ᠎ᠳᠤ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ᠂ ᠤᠰᠤ ᠬᠡᠷᠡᠭᠯᠡᠬᠦ ᠵᠢ ᠬᠡᠮᠵᠢᠬᠦ᠂ ᠤᠰᠤ ᠠᠷᠪᠢᠯᠠᠬᠤ ᠵᠠᠬ᠎ᠠ ᠳᠡᠯᠭᠡᠭᠦᠷ᠂ ᠤᠰᠤ ᠠᠷᠪᠢᠯᠠᠬᠤ ᠮᠡᠷᠭᠡᠵᠢᠯ ᠵᠢᠴᠢ ᠦᠢ᠍ᠯᠡᠴᠢᠯᠡᠭᠡ ᠵᠡᠷᠭᠡ ᠵᠢ ᠪᠠᠭᠲᠠᠭ᠋ᠠᠭᠰᠠᠨ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠳᠦᠷᠢᠮ᠎ᠢ ᠪᠠᠶ᠋ᠢᠭᠤᠯᠤᠨ᠎ᠠ᠃ ᠬᠤᠶᠠᠷ᠎ᠲᠤ᠂ ᠨᠣᠷᠮ᠎ᠠ ᠲᠣᠭᠲᠠᠭ᠋ᠠᠨ ᠬᠠᠮᠢᠶᠠᠷᠬᠤ᠂ ᠨᠠᠷᠢᠯᠢᠭ ᠣᠨᠣᠴᠠᠲᠠᠶ᠎ᠪᠠᠷ ᠬᠡᠮᠵᠢᠬᠦ᠂ ᠡᠷᠭᠢᠯᠳᠦᠭᠦᠯᠦᠨ ᠠᠰᠢᠭᠯᠠᠬᠤ᠂ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠂ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠡᠷᠭᠡ ᠠᠭᠤᠯᠭ᠎ᠠ ᠵᠢ ᠬᠠᠮᠤᠷᠤᠭᠰᠠᠨ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠦᠷᠢᠮ᠎ᠢ ᠪᠠᠶ᠋ᠢᠭᠤᠯᠤᠨ᠎ᠠ᠃ ᠭᠤᠷᠪᠠ᠎ᠳᠤ᠂ ᠤᠰᠤᠨ᠎ᠤ ᠡᠬᠢ ᠪᠠᠶᠠᠯᠢᠭ᠎ᠤᠨ ᠭᠠᠶ᠋ᠢᠯᠢ᠂ ᠭᠡᠷ᠎ᠡ ᠵᠢᠨ ᠤᠰᠤ ᠠᠷᠪᠢᠯᠠᠬᠤ᠂ ᠳᠠᠬᠢᠯᠲᠠ ᠤᠰᠤ ᠵᠢ ᠠᠰᠢᠭᠯᠠᠬᠤ᠂ ᠤᠰᠤ ᠠᠷᠪᠢᠯᠠᠬᠤ ᠮᠠᠶᠢᠭ᠎ᠤᠨ ᠨᠡᠶ᠋ᠢᠭᠡᠮ ᠵᠡᠷᠭᠡ ᠠᠭᠤᠯᠭ᠎ᠠ ᠵᠢ ᠪᠠᠭᠲᠠᠭ᠋ᠠᠭᠰᠠᠨ ᠬᠤᠲᠠ ᠬᠥᠳᠡᠭᠡ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠳᠦᠷᠢᠮ᠎ᠢ ᠪᠠᠶ᠋ᠢᠭᠤᠯᠤᠨ᠎ᠠ᠃ ᠳᠥᠷᠪᠡ᠎ᠳᠤ᠂ ᠠᠮᠢ ᠠᠬᠤᠶ ᠵᠢᠨ ᠤᠰᠤ ᠬᠡᠷᠡᠭᠯᠡᠬᠦ ᠪᠠᠲᠤᠯᠠᠭ᠎ᠠ ᠵᠢᠨ ᠲᠦᠷᠢᠮ ᠵᠡᠷᠭᠡ ᠠᠭᠤᠯᠭ᠎ᠠ ᠵᠢ ᠬᠠᠮᠤᠷᠤᠭᠰᠠᠨ ᠠᠮᠢ ᠠᠬᠤᠶ ᠵᠢᠨ ᠤᠰᠤ ᠠᠷᠪᠢᠯᠠᠬᠤ ᠤᠰᠤ ᠨᠥᠬᠦᠪᠥᠷᠢᠯᠡᠬᠦ ᠲᠦᠷᠢᠮ᠎ᠢ ᠪᠠᠶ᠋ᠢᠭᠤᠯᠤᠨ᠎ᠠ᠃ ᠳᠦᠷᠢᠮ ᠵᠶ᠋ᠠᠷ ᠬᠢᠵᠠᠭ᠋ᠠᠷᠯᠠᠬᠤ᠂ ᠵᠠᠬ᠎ᠠ ᠳᠡᠯᠭᠡᠭᠦᠷ ᠵᠶ᠋ᠠᠷ ᠤᠷᠮᠠᠰᠢᠭᠤᠯᠬᠤ᠂ ᠮᠡᠷᠭᠡᠵᠢᠯ ᠵᠶ᠋ᠠᠷ ᠡᠨᠧᠷᠭᠢ ᠣᠯᠭᠣᠬᠤ ᠪᠠ ᠰᠣᠶᠣᠯ᠎ᠤᠨ ᠬᠥᠲᠥᠯᠥᠨ ᠵᠢᠯᠣᠭᠣᠳᠬᠤ ᠵᠢᠨ ᠬᠠᠮᠵᠢᠯᠴᠠᠬᠤ ᠦᠢ᠍ᠯᠡᠳᠦᠯ ᠵᠶ᠋ᠠᠷ ᠳᠠᠮᠵᠢᠭᠤᠯᠤᠨ᠂ ᠤᠰᠤ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ 《ᠰᠠᠨᠠᠭ᠋ᠠᠴᠢᠯᠭ᠎ᠠ᠎ᠠᠴᠠ᠎ᠪᠠᠨ ᠪᠤᠰᠤ ᠤᠰᠤ ᠠᠷᠪᠢᠯᠠᠬᠤ》᠎ᠠᠴᠠ 《ᠰᠠᠨᠠᠭ᠋ᠠᠴᠢᠯᠠᠭ᠎ᠠ᠎ᠠᠴᠠ᠎ᠪᠠᠨ ᠤᠰᠤ ᠠᠷᠪᠢᠯᠠᠬᠤ》 ᠬᠦᠷᠲᠡᠯᠡᠬᠢ ᠬᠡᠪ ᠵᠠᠭᠪᠤᠷ ᠵᠶ᠋ᠠᠷ ᠬᠤᠪᠢᠷᠠᠭᠤᠯᠬᠤ ᠵᠢ ᠪᠡᠶᠡᠯᠡᠭᠦᠯᠦᠨ᠎ᠡ᠃
《ᠳᠥᠷᠪᠡ ᠵᠢ ᠬᠡᠷᠡᠭᠵᠢᠭᠦᠯᠬᠦ》 ᠬᠦᠷᠢᠶ᠎ᠡ ᠵᠢ ᠴᠢᠩᠭ᠎ᠠ ᠠᠩᠬᠠᠷᠴᠤ ᠶᠠᠰᠤ ᠴᠢᠨᠠᠷ ᠦᠷ᠎ᠡ ᠪᠦᠲᠦᠮᠵᠢ ᠵᠢ ᠨᠡᠮᠡᠭᠳᠡᠭᠦᠯᠪᠡ
ᠨᠢᠭᠡ᠎ᠳᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠪᠡ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂ ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠵᠢᠨ ᠲᠣᠭᠲᠠᠴᠠ᠂ ᠲᠤᠶ᠋ᠢᠯ᠎ᠤᠨ ᠣᠨᠣᠪᠴᠢᠲᠠᠶ᠎ᠪᠠᠷ ᠨᠥᠬᠥᠪᠥᠷᠢ ᠥᠭᠬᠦ ᠪᠠ ᠤᠰᠤ ᠠᠷᠪᠢᠯᠠᠬᠤ ᠵᠢᠨ ᠱᠠᠩᠨᠠᠬᠤ ᠲᠣᠭᠲᠠᠴᠠ ᠵᠢᠴᠢ ᠢᠨᠵᠸᠨ᠋ᠸᠷᠢᠩ᠎ᠤᠨ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢᠨ 《ᠳᠥᠷᠪᠡᠨ ᠵᠦᠢ᠍ᠯ᠎ᠤᠨ ᠲᠣᠭᠲᠠᠴᠠ》 ᠵᠢ ᠪᠠᠶ᠋ᠢᠭᠤᠯᠤᠨ᠂ 700 ᠲᠦᠮᠡᠨ ᠮᠦ᠍ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠪᠣᠯᠤᠨ ᠬᠤᠳᠳᠤᠭ᠎ᠤᠨ ᠤᠰᠤᠯᠠᠯᠲᠠ ᠵᠢᠨ ᠣᠷᠣᠨ᠎ᠤ ᠤᠰᠤᠨ᠎ᠤ ᠰᠦᠢ᠍ᠳᠬᠡᠯ ᠬᠤᠷᠢᠶᠠᠬᠤ ᠵᠢ ᠪᠡᠶᠡᠯᠡᠭᠦᠯᠵᠦ᠂ ᠲᠠᠷᠢᠶᠠᠴᠢᠳ᠎ᠤᠨ ᠤᠰᠤ ᠠᠷᠪᠢᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ ᠢᠨᠵᠸᠨ᠋ᠸᠷᠢᠩ᠂ ᠲᠠᠷᠢᠶᠠᠯᠠᠩ᠎ᠤᠨ ᠮᠡᠷᠭᠡᠵᠢᠯ᠂ ᠲᠥᠷᠥᠯ ᠵᠦᠢ᠍ᠯ᠂ ᠪᠦᠲᠦᠴᠡ᠂ ᠲᠣᠭᠲᠠᠴᠠ ᠵᠡᠷᠭᠡ 《ᠲᠠᠪᠤ ᠵᠢ ᠠᠷᠪᠢᠯᠠᠬᠤ》 ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠰᠤᠨ ᠲᠤᠲᠤᠷᠭ᠎ᠠ ᠵᠢᠨ ᠬᠠᠭᠤᠷᠠᠶ᠎ᠪᠠᠷ ᠲᠠᠷᠢᠬᠤ ᠤᠰᠤᠨ ᠬᠣᠭᠣᠯᠠᠶ᠂ 85 ᠲᠦᠮᠡᠨ ᠮᠦ᠍ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠤᠰᠤ ᠠᠷᠪᠢᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ᠂ ᠥᠨᠳᠥᠷ ᠨᠡᠮᠡᠯᠲᠡ ᠥᠷᠲᠡᠭ᠎ᠲᠠᠢ ᠲᠠᠷᠢᠶᠠᠯᠠᠩ᠎ᠢ ᠬᠥᠭᠵᠢᠭᠦᠯᠦᠨ᠂ ᠪᠦᠲᠦᠴᠡ ᠵᠢᠨ ᠤᠰᠤ ᠠᠷᠪᠢᠯᠠᠬᠤ ᠬᠡᠯᠪᠡᠷᠢ ᠵᠢ 5 ᠲᠦᠮᠡᠨ ᠮᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ ᠵᠢ 65 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠵᠢ ᠲᠦᠯᠬᠢᠨ ᠠᠬᠢᠭᠤᠯᠬᠤ 4 ᠰᠢᠶᠠᠨ᠎ᠢ ᠡᠭᠦᠳᠦᠨ ᠪᠠᠶ᠋ᠢᠭᠤᠯᠵᠤ᠂ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠪᠠ ᠭᠦᠨ ᠬᠠᠭ᠋ᠠᠯᠪᠤᠷᠢᠯᠠᠬᠤ ᠵᠢ ᠬᠡᠷᠡᠭᠵᠢᠭᠦᠯᠦᠨ᠂ ᠲᠠᠷᠢᠶᠠᠯᠠᠩ᠎ᠤᠨ ᠤᠰᠤ ᠠᠷᠪᠢᠯᠠᠬᠤ ᠪᠠ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ᠎ᠲᠠᠢ ᠬᠠᠮᠵᠢᠯᠴᠠᠨ ᠬᠥᠭᠵᠢᠬᠦ ᠵᠢ ᠪᠡᠶᠡᠯᠡᠭᠦᠯᠦᠨ᠎ᠡ᠃
ᠬᠣᠶᠠᠷ᠎ᠲᠤ᠂ 《ᠬᠣᠤᠰ ᠱᠤᠭᠤᠮ》᠎ᠤᠨ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠢ ᠪᠠᠶ᠋ᠢᠭᠤᠯᠵᠤ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠪᠡᠶᠡᠯᠡᠭᠦᠯᠪᠡ᠃ ᠠᠵᠤ ᠠᠬᠤᠶ᠋ᠢᠯᠠᠯ᠎ᠤᠨ ᠤᠰᠤ ᠬᠡᠷᠡᠭᠯᠡᠬᠦ 《ᠤᠯᠠᠭ᠋ᠠᠨ ᠱᠤᠭᠤᠮ》᠎ᠢ ᠴᠢᠩᠭ᠋ᠠᠷᠠᠭᠤᠯᠵᠤ᠂ ᠤᠰᠤ ᠠᠪᠬᠤ ᠵᠢ ᠬᠢᠨᠠᠨ ᠵᠥᠪᠰᠢᠶᠡᠷᠡᠬᠦ ᠪᠣᠭᠤᠮᠲᠠ ᠵᠢ ᠴᠢᠩᠭ᠎ᠠ ᠠᠳᠬᠤᠵᠤ᠂ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠠᠵᠤ ᠠᠬᠤᠶ᠋ᠢᠯᠠᠯ᠎ᠤᠨ ᠲᠡᠷᠢᠭᠦᠨ᠎ᠤ ᠤᠰᠤ ᠠᠷᠪᠢᠯᠠᠬᠤ ᠤᠷ᠎ᠠ ᠮᠡᠷᠭᠡᠰᠢᠯ᠂ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠲᠥᠬᠦᠭᠡᠷᠦᠮᠵᠢ ᠵᠢ ᠤᠷᠢᠳ ᠵᠶ᠋ᠠᠷ ᠬᠡᠷᠡᠭᠯᠡᠬᠦ ᠵᠢ ᠵᠣᠷᠢᠭᠵᠢᠭᠤᠯᠵᠤ᠂ 2025 ᠣᠨ᠎ᠤ ᠡᠴᠦᠰ᠎ᠲᠤ ᠪᠥᠬᠦ ᠠᠶ᠋ᠢᠮᠠᠭ᠎ᠤᠨ ᠲᠦᠮᠡᠨ ᠲᠥᠭᠦᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠪᠠᠭᠤᠷᠠᠭᠤᠯᠬᠤ ᠨᠣᠷᠮ᠎ᠠ ᠵᠢ 2020 ᠣᠨ᠎ᠤ᠎ᠬᠢ᠎ᠠᠴᠠ ᠲᠣᠰ ᠲᠣᠰ 17% ᠪᠠ 10%᠎ᠠᠴᠠ ᠳᠡᠭᠡᠭᠰᠢ ᠬᠠᠷᠠᠯᠲᠠ ᠡᠭᠦᠷᠭᠡ ᠵᠢ ᠪᠡᠶᠡᠯᠡᠭᠦᠯᠦᠨ᠎ᠡ᠃ ᠳᠠᠬᠢᠯᠲᠠ ᠤᠰᠤ ᠵᠢ ᠠᠰᠢᠭᠯᠠᠵᠤ ᠬᠠᠮᠢᠶᠠᠷᠤᠨ ᠡᠵᠡᠮᠳᠡᠬᠦ 《ᠨᠣᠭᠣᠭ᠋ᠠᠨ ᠱᠤᠭᠤᠮ》᠎ᠢ ᠴᠢᠩᠭ᠋ᠠᠳᠬᠠᠪᠠ᠃ ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠤᠰᠤ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠵᠦ᠂ ᠳᠠᠬᠢᠯᠲᠠ ᠤᠰᠤ ᠵᠢ ᠳᠣᠭᠢᠷᠠᠭᠤᠯᠬᠤ ᠬᠠᠷᠢᠴᠠᠯ᠎ᠢ ᠨᠡᠮᠡᠭᠳᠡᠭᠦᠯᠦᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠵᠢ ᠳᠠᠬᠢᠨ ᠳᠠᠪᠲᠠᠨ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠢ᠍ᠯᠡᠳᠪᠦᠷᠢ 3 ᠪᠠ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 1 ᠵᠢ ᠴᠢᠷᠮᠠᠶ᠋ᠢᠨ ᠡᠭᠦᠳᠦᠨ ᠪᠠᠶ᠋ᠢᠭᠤᠯᠵᠤ᠂ ᠠᠶ᠋ᠢᠮᠠᠭ᠎ᠤᠨ ᠲᠠᠰ᠎ᠤᠨ ᠪᠣᠬᠢᠷᠲᠤᠯ ᠥᠬᠡᠶ ᠦᠢ᠍ᠯᠡᠳᠪᠦᠷᠢ 10 ᠪᠠ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠎ᠢ 3 ᠡᠷᠦᠬᠡ ᠬᠥᠮᠦᠵᠢᠭᠦᠯᠵᠦ᠂ ᠠᠵᠤ ᠦᠢ᠍ᠯᠡᠳᠪᠦᠷᠢ ᠵᠢᠨ ᠪᠣᠬᠢᠷᠲᠤᠯ ᠥᠬᠡᠶ ᠬᠥᠭᠵᠢᠯᠲᠡ ᠵᠢ ᠦᠨᠡᠨ ᠬᠦ᠌ ᠠᠬᠢᠭᠤᠯᠤᠨ᠎ᠠ᠃
ᠭᠤᠷᠪᠠ᠎ᠳᠤ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠬᠤᠲᠠ ᠪᠠᠯᠭ᠋ᠠᠰᠤᠨ᠎ᠤ ᠤᠰᠤ ᠠᠷᠪᠢᠯᠠᠬᠤ ᠬᠤᠬᠢᠷᠠᠯ᠎ᠢ ᠪᠠᠭ᠋ᠠᠰᠬᠠᠬᠤ ᠵᠢ ᠪᠡᠶᠡᠯᠡᠭᠦᠯᠪᠡ᠃ ᠤᠰᠤ ᠬᠠᠩᠭ᠋ᠠᠬᠤ ᠬᠤᠭᠤᠯᠠᠶ ᠵᠢᠨ ᠲᠣᠣᠷ᠎ᠢ ᠰᠢᠨᠡᠳᠬᠡᠨ ᠥᠭᠡᠷᠡᠴᠢᠯᠡᠬᠦ 12 ᠲᠥᠷᠥᠯ ᠵᠦᠢ᠍ᠯ᠎ᠢ ᠬᠡᠷᠡᠭᠵᠢᠭᠦᠯᠵᠦ᠂ 39.1 ᠺᠢᠯᠤᠮᠸᠲᠷ ᠬᠤᠭᠤᠯᠠᠢ ᠲᠣᠣᠷ᠎ᠢ ᠥᠭᠡᠷᠡᠴᠢᠯᠡᠵᠦ᠂ ᠶᠡᠷᠦᠩᠬᠡᠶ ᠪᠡᠯᠡ ᠣᠷᠣᠭᠤᠯᠤᠯᠲᠠ᠎ᠨᠢ 3 ᠳ᠋ᠦᠩᠰᠢᠭᠤᠷ ᠲᠥᠭᠦᠷᠢᠭ᠎ᠲᠤ ᠬᠦᠷᠴᠦ᠂ ᠵᠢᠯ᠎ᠤᠨ ᠡᠴᠦᠰ᠎ᠲᠤ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠭᠤᠭᠤᠵᠢᠵᠤ ᠰᠦᠢ᠍ᠳᠬᠦ ᠨᠣᠷᠮ᠎ᠠ᠎ᠨᠢ 9%᠎ᠠᠴᠠ ᠳᠣᠤᠷ᠎ᠠ ᠪᠠᠶ᠋ᠢᠬᠤ ᠤᠰᠤ ᠠᠷᠪᠢᠯᠠᠬᠤ ᠬᠠᠷᠠᠯᠲᠠ ᠵᠢ ᠪᠡᠶᠡᠯᠡᠭᠦᠯᠦᠨ᠎ᠡ᠃ ᠬᠤᠲᠠ ᠵᠢᠨ ᠤᠰᠤ ᠲᠠᠲᠠᠷᠠᠭᠤᠯᠵᠤ ᠤᠰᠤᠲᠤᠯ᠎ᠢ ᠰᠡᠷᠭᠡᠶ᠋ᠢᠯᠡᠬᠦ ᠲᠥᠷᠥᠯ ᠵᠦᠢ᠍ᠯ᠎ᠢ 5 ᠬᠡᠷᠡᠭᠵᠢᠭᠦᠯᠵᠦ᠂ ᠤᠰᠤ ᠭᠠᠳᠠᠭᠰᠢᠯᠠᠭᠤᠯᠬᠤ ᠬᠤᠭᠤᠯᠠᠶ ᠵᠢᠨ ᠲᠣᠤᠷ᠎ᠢ 20 ᠺᠢᠯᠤᠮᠸᠲᠷ᠎ᠠᠴᠠ ᠳᠡᠭᠡᠭᠰᠢ ᠥᠭᠡᠷᠡᠴᠢᠯᠡᠵᠦ᠂ ᠬᠤᠲᠠ ᠵᠢᠨ ᠤᠶᠠᠨ ᠬᠠᠳᠠᠨ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃
ᠲᠦᠷᠪᠡ᠎ᠳᠤ᠂ ᠤᠰᠤᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢᠨ ᠤᠰᠤ ᠠᠷᠪᠢᠯᠠᠬᠤ ᠤᠰᠤ ᠨᠥᠬᠦᠪᠥᠷᠢᠯᠡᠬᠦ ᠵᠢ ᠪᠡᠶᠡᠯᠡᠭᠦᠯᠪᠡ᠃ ᠨᠢᠭᠡ ᠲᠠᠯ᠎ᠠ᠎ᠪᠠᠷ᠂ ᠠᠮᠢ ᠠᠬᠤᠶ ᠵᠢᠨ ᠤᠰᠤ ᠠᠷᠪᠢᠯᠠᠬᠤ ᠠᠵᠢᠯ᠎ᠢ ᠰᠠᠶ᠋ᠢᠲᠤᠷ ᠬᠢᠵᠦ᠂ ᠠᠶᠠᠨᠳᠠᠭ᠋ᠠᠨ ᠰᠡᠷᠭᠦᠭᠡᠬᠦ ᠪᠠ ᠬᠥᠮᠦᠨ᠎ᠤ ᠬᠦᠴᠦ᠎ᠪᠠᠷ ᠰᠡᠷᠭᠦᠭᠡᠬᠦ ᠵᠢ ᠭᠦᠨᠵᠡᠭᠡᠶ ᠠᠭᠤᠰᠤᠯᠴᠠᠭᠤᠯᠵᠤ᠂ ᠪᠣᠬᠢᠷᠲᠤᠯ ᠥᠬᠡᠶ ᠤᠰᠤ ᠠᠷᠪᠢᠯᠠᠬᠤ ᠲᠠᠷᠢᠮᠠᠯ᠎ᠤᠨ ᠵᠠᠭᠪᠤᠷ᠎ᠢ ᠳᠡᠯᠭᠡᠷᠡᠭᠦᠯᠦᠨ᠂ 2025 ᠣᠨ᠎ᠳᠤ ᠠᠮᠢ ᠠᠬᠤᠶ ᠵᠢᠨ ᠣᠶ ᠰᠢᠭᠤᠶ ᠡᠪᠡᠰᠦᠨ᠎ᠤ ᠤᠰᠤᠯᠠᠯᠲᠠ ᠵᠢᠨ ᠲᠠᠯᠠᠪᠠᠶ 8.53 ᠲᠦᠮᠡᠨ ᠮᠦ᠍᠂ ᠬᠤᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠠᠯᠠᠪᠠᠶ ᠵᠢ 31.73 ᠲᠦᠮᠡᠨ ᠮᠦ᠍᠂ ᠶᠡᠷᠦᠩᠬᠡᠶ ᠪᠠᠯᠠ ᠣᠷᠣᠭᠤᠯᠤᠯᠲᠠ᠎ᠨᠢ 9000 ᠲᠦᠮᠡᠨ ᠲᠥᠭᠦᠷᠢᠭ ᠰᠢᠬᠠᠮ ᠬᠡᠷᠡᠭᠵᠢᠭᠦᠯᠪᠡ᠃ ᠨᠥᠭᠦᠭᠡ ᠲᠠᠯ᠎ᠠ᠎ᠪᠠᠷ᠂ ᠠᠮᠢ ᠠᠬᠤᠶ ᠵᠢᠨ ᠤᠰᠤ ᠨᠥᠬᠦᠪᠥᠷᠢᠯᠡᠬᠦ ᠵᠢ ᠰᠠᠶ᠋ᠢᠲᠤᠷ ᠬᠢᠵᠦ᠂ ᠲᠥᠯᠥᠪᠵᠢᠭᠦᠯᠭᠡ ᠵᠢᠨ ᠤᠰᠤᠨ᠎ᠤ ᠡᠬᠢ ᠪᠠᠶᠠᠯᠢᠭ᠎ᠢ ᠨᠤᠲᠠᠯᠠᠬᠤ ᠵᠢ ᠴᠢᠩᠭ᠎ᠠ ᠬᠡᠷᠡᠭᠵᠢᠭᠦᠯᠦᠨ᠂ ᠬᠢᠩᠭ᠋ᠠᠨ ᠠᠶ᠋ᠢᠮᠠᠭ᠎ᠤᠨ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠪᠵᠢᠭᠦᠯᠭᠡ ᠵᠢᠴᠢ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠥᠯᠥᠪᠵᠢᠭᠦᠯᠭᠡ᠎ᠳᠤ ᠬᠦᠴᠦᠨ ᠨᠡᠮᠡᠷᠢᠯᠡᠵᠦ᠂ ᠲᠣᠮᠣ ᠳᠤᠮᠳᠠ ᠬᠡᠯᠪᠡᠷᠢ ᠵᠢᠨ ᠤᠰᠤ ᠲᠠᠲᠠᠬᠤ᠂ ᠤᠰᠤᠨ ᠰᠢᠰᠲ᠋ᠧᠮ᠎ᠢ ᠬᠤᠯᠪᠣᠨ ᠨᠡᠪᠲᠡᠷᠡᠭᠦᠯᠬᠦ ᠵᠡᠷᠭᠡ ᠢᠨᠵᠧᠨᠧᠷᠢᠩ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠪᠠᠷ ᠢᠳᠡᠪᠬᠢᠲᠡᠶ ᠴᠢᠷᠮᠠᠶ᠋ᠢᠵᠤ᠂ 《ᠤᠰᠤᠨ᠎ᠤ ᠬᠥᠨᠥᠭᠡᠯ》᠎ᠢ 《ᠤᠰᠤᠨ ᠠᠰᠢᠭᠯᠠᠯᠲᠠ》 ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ᠃
《ᠲᠠᠪᠤ》 ᠵᠢ ᠠᠬᠢᠭᠤᠯᠬᠤ ᠠᠷᠭ᠎ᠠ ᠬᠡᠮᠵᠢᠶ᠎ᠡ ᠵᠢ ᠠᠪᠴᠤ ᠦᠵᠡᠯ ᠤᠬᠠᠮᠰᠠᠷ᠎ᠢ ᠳᠡᠭᠡᠭᠰᠢᠯᠡᠭᠦᠯᠪᠡ
《ᠬᠢᠩᠭ᠋ᠠᠨ ᠠᠶ᠋ᠢᠮᠠᠭ᠎ᠤᠨ ᠤᠰᠤ ᠠᠷᠪᠢᠯᠠᠬᠤ ᠤᠬᠠᠭᠤᠯᠭ᠎ᠠ ᠵᠢᠨ ᠠᠵᠢᠯ᠎ᠤᠨ ᠲᠥᠰᠦᠯ》᠎ᠢ ᠲᠣᠭᠲᠠᠭ᠋ᠠᠵᠤ᠂ 《ᠲᠠᠪᠤ ᠵᠢ ᠣᠷᠣᠭᠤᠯᠬᠤ》 ᠤᠰᠤ ᠠᠷᠪᠢᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠪᠥᠬᠦ ᠠᠶ᠋ᠢᠮᠠᠭ᠎ᠤᠨ ᠬᠡᠪᠴᠢᠶᠡᠨ᠎ᠳᠤ ᠤᠰᠤ ᠠᠷᠪᠢᠯᠠᠬᠤ ᠠᠭᠤᠷ ᠠᠮᠢᠰᠬᠤᠯ᠎ᠢ ᠪᠣᠶ ᠪᠣᠯᠭ᠋ᠠᠵᠤ᠂ ᠪᠥᠬᠦ ᠨᠡᠶ᠋ᠢᠭᠡᠮ᠎ᠤᠨ ᠤᠰᠤ ᠠᠷᠪᠢᠯᠠᠬᠤ ᠤᠬᠠᠮᠰᠠᠷ᠎ᠢ ᠶᠡᠬᠡᠪᠡᠷ ᠳᠡᠭᠡᠭᠰᠢᠯᠡᠭᠦᠯᠪᠡ᠃ ᠨᠢᠭᠡ᠎ᠳᠤ᠂ ᠪᠠᠶ᠋ᠢᠭᠤᠯᠭ᠎ᠠ᠎ᠳᠤ ᠤᠷᠤᠪᠠ᠃ ᠪᠠᠶ᠋ᠢᠭᠤᠯᠭ᠎ᠠ ᠨᠢᠭᠡᠴᠢ ᠵᠢᠨ ᠡᠯᠸᠺᠲᠷᠣᠨ ᠳᠡᠯᠭᠡᠴᠡ ᠵᠢ ᠠᠰᠢᠭᠯᠠᠨ ᠤᠰᠤ ᠠᠷᠪᠢᠯᠠᠬᠤ ᠤᠬᠠᠭᠤᠯᠭ᠎ᠠ ᠵᠢᠨ ᠹᠢᠯᠢᠮ᠎ᠢ ᠦᠷᠭᠦᠯᠵᠢᠯᠡᠨ ᠨᠡᠪᠲᠡᠷᠡᠭᠦᠯᠵᠦ᠂ ᠤᠰᠤ ᠠᠷᠪᠢᠯᠠᠬᠤ ᠮᠡᠳᠡᠯᠭᠡ ᠵᠢ ᠪᠠᠶ᠋ᠢᠭᠤᠯᠭ᠎ᠠ᠎ᠳᠤ ᠣᠷᠣᠭᠤᠯᠤᠨ ᠤᠬᠠᠭᠤᠯᠬᠤ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠨ᠎ᠡ᠃ ᠬᠤᠶᠠᠷ᠎ᠲᠤ᠂ ᠰᠤᠷᠭ᠋ᠠᠭᠤᠯᠢ ᠵᠢᠨ ᠬᠦᠷᠢᠶᠡᠨ᠎ᠳᠤ ᠤᠷᠤᠪᠠ᠃ ᠰᠢᠨ᠎ᠡ ᠵᠠᠭᠤᠴᠢᠯᠠᠭᠤᠷ᠎ᠢ ᠠᠰᠢᠭᠯᠠ 《ᠤᠰᠤ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠤᠷᠭ᠋ᠠᠨ ᠬᠥᠮᠥᠵᠢᠯ》᠎ᠢ ᠠᠭᠤᠰᠤᠯᠴᠠᠭᠤᠯᠬᠤ ᠵᠠᠭᠪᠤᠷ᠎ᠢ ᠡᠭᠦᠳᠦᠨ ᠪᠠᠶ᠋ᠢᠭᠤᠯᠵᠤ᠂ ᠴᠠᠷᠰᠤᠨ ᠤᠰᠤ ᠠᠷᠪᠢᠯᠠᠬᠤ ᠰᠤᠷᠭ᠋ᠠᠨ ᠬᠥᠮᠥᠵᠢᠯ᠎ᠤᠨ ᠰᠠᠭᠤᠷᠢᠨ ᠭᠠᠵᠠᠷ᠎ᠢ ᠳᠡᠭᠡᠭᠰᠢᠯᠡᠭᠦᠯᠦᠨ ᠥᠭᠡᠷᠡᠴᠢᠯᠡᠵᠦ᠂ 360 ᠭ᠋ᠷᠠᠳᠦ᠋ᠰ᠎ᠤᠨ ᠵᠢᠪᠦᠮᠡᠯ ᠮᠠᠶᠢᠭ᠎ᠤᠨ᠂ ᠬᠠᠷᠢᠯᠴᠠᠨ ᠦᠢ᠍ᠯᠡᠳᠦᠯᠴᠡᠬᠦ ᠴᠢᠨᠠᠷᠲᠠᠢ ᠦᠵᠡᠭᠦᠯᠭᠡ ᠵᠢ ᠪᠡᠶᠡᠴᠢᠯᠡᠨ ᠣᠶ᠋ᠢᠯᠠᠭ᠋ᠠᠬᠤ ᠵᠢ ᠪᠣᠢ ᠪᠣᠯᠭ᠋ᠠᠨ᠎ᠠ᠃ ᠭᠤᠷᠪᠠ᠎ᠳᠤ᠂ ᠠᠵᠤ ᠠᠬᠤᠶ᠋ᠢᠯᠠᠯ᠎ᠳᠤ ᠤᠷᠤᠪᠠ᠃ ᠤᠰᠤ ᠬᠡᠷᠡᠭᠯᠡᠬᠦ ᠲᠣᠮᠣ ᠡᠷᠦᠬᠡ᠎ᠳᠤ ᠭᠦᠨᠵᠡᠭᠡᠶ᠋ᠢᠷᠡᠨ᠂ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠵᠤ᠂ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠬᠤᠷ ᠸᠢᠳᠢᠣ᠋ ᠵᠢ ᠨᠡᠪᠲᠡᠷᠡᠭᠦᠯᠵᠦ᠂ ᠲᠡᠷᠢᠭᠦᠨ᠎ᠤ ᠤᠰᠤ ᠠᠷᠪᠢᠯᠠᠬᠤ ᠠᠴᠢᠶᠠᠯᠠᠪᠤᠷᠢ ᠵᠢᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠲᠦᠷᠪᠡ᠎ᠳᠤ᠂ ᠨᠡᠶ᠋ᠢᠭᠡᠮ ᠲᠣᠭᠤᠷᠢᠭ᠎ᠲᠤ ᠤᠷᠤᠪᠠ᠃ 《ᠤᠰᠤ ᠠᠷᠪᠢᠯᠠᠬᠤ ᠭᠤᠤᠯ ᠰᠡᠳᠦᠪᠲᠦ ᠴᠡᠴᠡᠷᠯᠢᠭ》᠎ᠢ ᠠᠭᠤᠰᠤᠯᠴᠠᠭᠤᠯᠬᠤ ᠵᠠᠭᠪᠤᠷ᠎ᠢ ᠡᠭᠦᠳᠦᠨ ᠪᠠᠶ᠋ᠢᠭᠤᠯᠵᠤ᠂ ᠰᠤᠷᠭ᠋ᠠᠨ ᠬᠥᠮᠦᠵᠢᠯ᠂ ᠰᠡᠯᠡᠭᠦᠴᠡᠯ᠎ᠤᠨ ᠴᠢᠳᠠᠮᠵᠢ ᠵᠢ ᠨᠢᠭᠡ ᠴᠣᠭᠴᠠᠵᠢᠭᠤᠯᠵᠤ᠂ ᠣᠯᠠᠨ ᠨᠡᠶ᠋ᠢᠲᠡ ᠵᠢᠨ ᠤᠰᠤ ᠠᠷᠪᠢᠯᠠᠬᠤ ᠶᠡᠷᠦ ᠵᠢᠨ ᠮᠡᠳᠡᠯᠭᠡ ᠵᠢ ᠠᠮᠢᠳᠤᠯᠢᠭ ᠵᠶ᠋ᠠᠷ ᠲᠦᠭᠡᠮᠡᠯᠵᠢᠭᠦᠯᠦᠨ᠎ᠡ᠃ ᠨᠡᠶ᠋ᠢᠭᠡᠮ ᠲᠣᠭᠤᠷᠢᠭ᠎ᠤᠨ ᠵᠠᠷᠯᠠᠯ᠎ᠤᠨ ᠰᠠᠮᠪᠠᠷ᠎ᠠ᠂ ᠡᠯᠸᠺᠲᠷᠣᠨ ᠳᠡᠯᠭᠡᠴᠡ ᠵᠢ ᠪᠠᠶ᠋ᠢᠩᠭᠤᠵᠢᠭᠤᠯᠤᠨ ᠰᠢᠨᠡᠳᠬᠡᠵᠦ᠂ ᠤᠰᠤ ᠠᠷᠪᠢᠯᠠᠬᠤ ᠤᠷᠢᠶ᠎ᠠ ᠯᠣᠽᠦ᠋ᠩ᠎ᠤᠨ ᠲᠡᠮᠳᠡᠭ᠎ᠢ ᠨᠠᠭ᠋ᠠᠵᠤ ᠨᠡᠪᠲᠡᠷᠡᠭᠦᠯᠵᠦ᠂ ᠣᠯᠠᠨ ᠨᠡᠶ᠋ᠢᠲᠡ ᠵᠢᠨ ᠤᠰᠤ ᠠᠷᠪᠢᠯᠠᠵᠤ ᠤᠰᠤ ᠬᠠᠮᠠᠭ᠋ᠠᠯᠠᠬᠤ ᠦᠵᠡᠯ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠠᠪᠤ᠎ᠳᠤ᠂ ᠬᠥᠳᠡᠭᠡ ᠲᠣᠰᠬᠤᠨ᠎ᠳᠤ ᠤᠷᠤᠪᠠ᠃ ᠭᠠᠴᠠᠭ᠋ᠠᠨ᠎ᠤ ᠠᠷᠠᠳ᠎ᠤᠨ ᠵᠥᠪᠯᠡᠯ ᠵᠢᠴᠢ ᠬᠤᠷᠰᠢᠶ᠎ᠠ᠎ᠪᠠᠷ ᠳᠠᠮᠵᠢᠭᠤᠯᠤᠨ ᠲᠣᠰᠬᠤᠨ᠎ᠤ ᠠᠷᠠᠳ᠎ᠲᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨᠴᠢ᠂ ᠥᠨᠳᠥᠷ ᠪᠦᠲᠦᠮᠵᠢᠲᠡᠶ ᠤᠰᠤ ᠬᠡᠷᠡᠭᠯᠡᠬᠦ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃